ᠯᠢ ᠴᠢᠶᠠᠩ ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠪᠠ ᠯᠢ | ᠰᠢ ᠬᠤᠷᠠᠯ ᠢ ᠡᠷᠭᠢᠯᠡᠪᠡ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 8 ᠤ ᠦᠳᠡ ᠶᠢᠨ ᠡᠮᠦᠨ᠎ᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ ᠦᠶ᠎ᠡ ᠶᠢᠨ ᠠᠷᠪᠠᠨ | ᠵᠢᠯ ᠢᠯᠵᠠᠷᠠᠯ ᠢ ᠴᠥᠬᠦᠷᠡᠰᠢ ᠦᠭᠡᠢ ᠬᠦᠴᠦᠲᠡᠢ ᠡᠰᠡᠷᠭᠦᠴᠡᠬᠦ ᠶᠢ ᠪᠠᠷᠢᠮᠲᠠᠯᠠᠭᠰᠠᠨ ᠢᠶᠠᠷ᠂ ᠢᠯᠵᠠᠷᠠᠯ ᠢ ᠡᠰᠡᠷᠭᠦᠴᠡᠬᠦ | ᠲᠡᠮᠡᠴᠡᠯ ᠳᠡᠶᠢᠯᠦᠩᠭᠦᠢ ᠴᠢᠨᠠᠷᠲᠠᠢ ᠢᠯᠠᠯᠲᠠ ᠣᠯᠵᠤ ᠪᠦᠭᠦ ᠲᠠᠯ᠎ᠠ ᠪᠠᠷ ᠪᠠᠬᠢᠵᠢᠭ᠍ᠰᠡᠨ ᠪᠠᠶᠢᠨ᠎ᠠ᠂ ᠭᠡᠪᠡᠴᠦ ᠪᠠᠶᠢᠳᠠᠯ | ᠮᠥᠨ ᠬᠦ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠃ ᠪᠢᠳᠡ ᠢᠯᠵᠠᠷᠠᠯ ᠢ ᠡᠰᠡᠷᠭᠦᠴᠡᠬᠦ ᠲᠡᠮᠡᠴᠡᠯ ᠤᠨ | ᠰᠢᠨ᠎ᠡ ᠪᠠᠶᠢᠳᠠᠯ ᠰᠢᠨ᠎ᠡ ᠬᠠᠨᠳᠤᠰᠢ ᠶᠢ ᠰᠡᠷᠭᠡᠭ ᠢᠶᠠᠷ ᠲᠠᠨᠢᠵᠤ᠂ ᠢᠯᠵᠠᠷᠠᠯ ᠤᠨ ᠠᠰᠠᠭᠤᠳᠠᠯ ᠤᠨ ᠡᠭᠦᠰᠴᠦ ᠪᠠᠶᠢᠭ᠎ᠠ | ᠬᠥᠷᠥᠰᠥ ᠰᠢᠷᠣᠢ ᠪᠠ ᠨᠥᠬᠦᠴᠡᠯ ᠢ ᠰᠡᠷᠭᠡᠭ ᠢᠶᠠᠷ ᠲᠠᠨᠢᠵᠤ᠂ ᠡᠭᠦᠷᠢᠳᠡ ᠵᠣᠭᠰᠣᠰᠢ ᠦᠭᠡᠢ ᠪᠠᠶᠢᠬᠤ ᠬᠠᠳᠠᠨ ᠵᠣᠷᠢᠭ | ᠪᠠ ᠡᠷᠡᠰ ᠪᠠᠷᠢᠮᠲᠠᠯᠠᠯ ᠢᠶᠠᠷ ᠤᠨᠢᠨ ᠳᠡᠭᠡᠷ᠎ᠡ ᠨᠢ ᠬᠦᠴᠦᠯᠡᠨ᠂ ᠦᠷᠭᠦᠯᠵᠢᠯᠡᠨ ᠬᠦᠴᠦᠯᠡᠵᠦ᠂ ᠢᠯᠵᠠᠷᠠᠯ ᠢ | ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ | ᠢᠯᠠᠯᠲᠠ ᠶᠢ ᠵᠠᠪᠠᠯ ᠲᠡᠮᠡᠴᠡᠨ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | | 1 ᠰᠠᠷ᠎ᠠ ᠶᠢᠨ 8 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠰᠢ ᠶᠢᠨ ᠫᠢᠩ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ᠃ ᠨᠠᠮ ᠤᠨ ᠲᠥᠪ ᠬᠤᠷᠢᠶ᠎ᠠ ᠨᠠᠮ ᠤᠨ ᠥᠪᠡᠷ ᠪᠡᠶ᠎ᠡ ᠶᠢᠨ | ᠬᠤᠪᠢᠰᠬᠠᠯ ᠢ ᠭᠤᠶᠢᠪᠢᠰᠢ ᠦᠭᠡᠢ ᠠᠬᠢᠭᠤᠯᠵᠤ᠂ ᠪᠦᠭᠦ ᠨᠠᠮ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠢ ᠭᠦᠨᠵᠡᠭᠡᠢ ᠥᠷᠨᠢᠭᠦᠯᠵᠦ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠢᠶᠠᠷ ᠰᠡᠳᠬᠢᠯ ᠢ ᠨᠢᠭᠲᠠᠷᠠᠭᠤᠯᠤᠨ | ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠤᠯᠤᠰ ᠲᠥᠷᠥ ᠶᠢᠨ ᠬᠢᠨᠠᠯᠲᠠ ᠶᠢ | ᠪᠣᠳᠠᠲᠠᠶᠢᠵᠢᠭᠤᠯᠬᠤ᠂ ᠣᠨᠣᠪᠴᠢᠲᠠᠢ ᠪᠤᠯᠭᠠᠬᠤ᠂ ᠪᠠᠶᠢᠩᠭᠤᠵᠢᠭᠤᠯᠬᠤ ᠶᠢ ᠬᠦᠴᠦᠯᠡᠨ ᠠᠬᠢᠭᠤᠯᠵᠤ᠂ ᠬᠡᠯᠪᠡᠷᠢᠴᠢ | ᠦᠵᠡᠯ᠂ ᠨᠣᠶᠠᠨᠴᠢ ᠰᠤᠷᠲᠠᠯ ᠤᠨ ᠲᠣᠪᠤᠶᠢᠮ᠎ᠠ ᠠᠰᠠᠭᠤᠳᠠᠯ ᠢ ᠬᠦᠴᠦᠯᠡᠨ ᠴᠡᠭᠴᠡᠯᠡᠵᠦ᠂ ᠨᠠᠮ ᠤᠨ ᠭᠡᠰᠢᠭᠦᠨ᠂ | ᠺᠠᠳ᠋ᠷᠴᠤᠳ ᠤᠨ ᠡᠩᠨᠡᠭᠡᠨ ᠳᠠᠬᠢ ᠤᠯᠠᠨ ᠢ ᠲᠦᠢᠪᠡᠭᠡᠭᠴᠢ ᠶᠢ ᠡᠷᠡᠰ ᠠᠷᠢᠯᠭᠠᠵᠤ᠂ ᠨᠠᠮ ᠤᠨ ᠭᠡᠰᠢᠭᠦᠨ᠂ | ᠺᠠᠳ᠋ᠷᠴᠤᠳ ᠤᠨ ᠬᠠᠮᠢᠶᠠᠷᠤᠯᠲᠠ ᠬᠢᠨᠠᠯᠲᠠ ᠶᠢ ᠴᠢᠩᠭ᠎ᠠ ᠪᠣᠳᠠᠲᠠᠢ ᠴᠢᠩᠭᠠᠳᠬᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠰᠢᠨ᠎ᠡ ᠠᠶᠠᠨ ᠤ ᠡᠭᠢᠯᠡᠯᠲᠡ ᠶᠢ ᠬᠦᠴᠦᠲᠡᠢ ᠬᠥᠲᠥᠯᠥᠨ ᠳᠠᠭᠠᠭᠤᠯᠵᠤ ᠪᠠᠲᠤᠯᠠᠪᠠ ᠭᠡᠵᠦ ᠵᠢᠭᠠᠵᠤ | ᠭᠠᠷᠭᠠᠵᠠᠢ᠃ | ᠰᠢ ᠶᠢᠨ ᠫᠢᠩ᠂ ᠮᠠᠨ ᠤ ᠨᠠᠮ ᠳᠡᠯᠡᠬᠡᠢ ᠳᠡᠭᠡᠷᠡᠬᠢ ᠬᠠᠮᠤᠭ ᠤᠨ ᠲᠣᠮᠣ ᠮᠠᠷᠺᠰ ᠤᠨ ᠦᠵᠡᠯ ᠤᠨ ᠲᠦᠷᠦ | ᠪᠠᠷᠢᠭᠴᠢ ᠨᠠᠮ ᠪᠣᠯᠤᠭᠰᠠᠨ ᠤ ᠬᠤᠪᠢ ᠳᠤ᠂ ᠬᠡᠷᠬᠢᠨ ᠰᠠᠮᠠᠭᠤᠷᠠᠯ ᠢ ᠵᠠᠰᠠᠵᠤ ᠮᠠᠨᠳᠤᠵᠤ ᠪᠠᠭᠤᠷᠠᠬᠤ ᠲᠡᠦᠬᠡ ᠶᠢᠨ | ᠦᠶᠡᠯᠡᠯ ᠤᠨ ᠳᠠᠪᠲᠠᠮᠵᠢ ᠠᠴᠠ ᠠᠮᠵᠢᠯᠲᠠ ᠲᠠᠢ ᠮᠤᠯᠲᠤᠷᠠᠵᠤ᠂ ᠨᠠᠮ ᠥᠨᠢ ᠡᠭᠦᠷᠢᠳᠡ ᠴᠢᠨᠠᠷ ᠬᠤᠪᠢᠷᠠᠬᠤ ᠦᠭᠡᠢ | ᠥᠩᠭᠡ ᠬᠤᠪᠢᠷᠠᠬᠤ ᠦᠭᠡᠢ ᠰᠤᠷᠲᠠᠯ ᠬᠤᠪᠢᠷᠠᠬᠤ ᠦᠭᠡᠢ ᠪᠠᠶᠢᠬᠤ ᠶᠢ ᠪᠠᠲᠤᠯᠠᠬᠤ ᠪᠤᠢ︖ ᠡᠨᠡ ᠪᠣᠯ ᠪᠦᠭᠦ | ᠨᠠᠮ ᠤᠨ ᠨᠥᠬᠦᠳ ᠤᠨ ᠡᠮᠦᠨ᠎ᠡ ᠲᠠᠯᠪᠢᠭᠳᠠᠵᠤ ᠪᠠᠶᠢᠭ᠎ᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠮᠥᠨ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠠᠬᠢᠭᠤᠯᠬᠤ ᠠᠭᠤᠤ ᠶᠡᠭᠡ ᠦᠢᠯᠡᠳᠦᠯᠭᠡ ᠶᠢᠨ ᠳᠤᠮᠳᠠ᠂ ᠪᠢᠳᠡ ᠲᠠᠰᠤᠷᠠᠯᠲᠠ ᠦᠭᠡᠢ ᠦᠢᠯᠡᠳᠦᠯᠭᠡ ᠶᠢᠨ | ᠰᠦᠪᠡᠭᠴᠢᠯᠡᠯᠲᠡ ᠪᠠ ᠤᠨᠤᠯ ᠤᠨ ᠪᠣᠳᠣᠯᠬᠢᠯᠠᠯ ᠬᠢᠵᠦ᠂ ᠮᠠᠤ ᠽᠧ ᠳ᠋ᠦᠩ ᠨᠥᠬᠦᠷ ᠤᠨ ᠲᠤᠬᠠᠢ ᠶᠢᠨ ᠵᠢᠯ ᠤᠨ ︽ | ᠠᠷᠠᠳ ᠲᠦᠮᠡᠨ ᠢᠶᠠᠷ ᠵᠠᠰᠠᠭ ᠤᠨ ᠣᠷᠳᠣᠨ ᠳᠤ ᠬᠢᠨᠠᠯᠲᠠ ᠲᠠᠯᠪᠢᠭᠤᠯᠬᠤ ᠬᠡᠷᠡᠭᠲᠡᠢ︾ ᠭᠡᠰᠡᠨ ᠨᠢᠭᠡᠳᠦᠭᠡᠷ | ᠬᠠᠷᠢᠭᠤᠯᠲᠠ ᠶᠢᠨ ᠰᠠᠭᠤᠷᠢᠨ ᠳᠡᠭᠡᠷ᠎ᠡ᠂ ᠬᠤᠶᠠᠳᠤᠭᠠᠷ ᠬᠠᠷᠢᠭᠤᠯᠲᠠ ᠶᠢ ᠡᠷᠢᠵᠦ ᠣᠯᠵᠠᠢ᠂ ᠡᠨᠡ ᠨᠢ ᠳᠠᠷᠤᠢ | ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠲᠠᠰᠤᠷᠠᠯᠲᠠ ᠦᠭᠡᠢ ᠠᠬᠢᠭᠤᠯᠬᠤ ᠶᠠᠪᠤᠳᠠᠯ ᠪᠣᠯᠣᠨ᠎ᠠ᠃ ᠰᠢᠨ᠎ᠡ ᠴᠠᠭ | ᠦᠶ᠎ᠡ ᠶᠢᠨ ᠠᠷᠪᠠᠨ ᠵᠢᠯ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠦᠢᠯᠡᠳᠦᠯᠭᠡ ᠪᠣᠯᠣᠨ ᠤᠨᠤᠯ ᠤᠨ | ᠰᠦᠪᠡᠭᠴᠢᠯᠡᠯᠲᠡ ᠳᠤᠮᠳᠠ᠂ ᠪᠢᠳᠡ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠲᠠᠨᠢᠯᠲᠠ ᠪᠠᠨ | ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠶᠢ ᠬᠤᠷᠠᠮᠳᠤᠭᠤᠯᠵᠤ᠂ | ᠠᠯᠢ ᠤᠯᠠᠨ ᠴᠢᠬᠤᠯᠠ ᠤᠨᠤᠯ ᠤᠨ ᠦᠷ᠎ᠡ ᠪᠦᠲᠦᠭᠡᠯ ᠢ ᠪᠦᠷᠢᠯᠳᠦᠭᠦᠯᠵᠦ᠂ ᠮᠠᠨ ᠤ ᠨᠠᠮ ᠤᠨ ᠶᠠᠭᠤᠨ ᠳᠤ ᠥᠪᠡᠷ | ᠪᠡᠶ᠎ᠡ ᠶᠢᠨ ᠬᠤᠪᠢᠰᠬᠠᠯ ᠬᠢᠬᠦ᠂ ᠶᠠᠭᠠᠬᠢᠭᠠᠳ ᠥᠪᠡᠷ ᠪᠡᠶ᠎ᠡ ᠶᠢᠨ ᠬᠤᠪᠢᠰᠬᠠᠯ ᠬᠢᠵᠦ ᠳᠡᠶᠢᠯᠭᠦ᠂ ᠥᠪᠡᠷ ᠪᠡᠶ᠎ᠡ ᠶᠢᠨ | ᠬᠤᠪᠢᠰᠬᠠᠯ ᠢ ᠬᠡᠷᠬᠢᠨ ᠠᠬᠢᠭᠤᠯᠬᠤ ᠵᠡᠷᠭᠡ ᠴᠢᠬᠤᠯᠠ ᠶᠡᠭᠡ ᠠᠰᠠᠭᠤᠳᠠᠯ ᠳᠤ ᠰᠢᠰᠲ᠋ᠧᠮ ᠲᠠᠢ ᠬᠠᠷᠢᠭᠤᠯᠲᠠ ᠥᠭᠴᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠭᠦᠨᠵᠡᠭᠡᠢ ᠠᠬᠢᠭᠤᠯᠬᠤ ᠦᠢᠯᠡᠳᠦᠯᠭᠡ ᠶᠢᠨ | ᠳᠤᠮᠳᠠ ᠶᠢᠰᠦᠨ ᠠᠰᠠᠭᠤᠳᠠᠯ ᠢ ᠰᠠᠶᠢᠲᠤᠷ ᠡᠵᠡᠮᠳᠡᠬᠦ ᠴᠢᠬᠤᠯᠠᠲᠠᠢ᠂ ᠲᠤᠬᠠᠶᠢᠯᠠᠪᠠᠯ᠄ ᠨᠠᠮ ᠤᠨ ᠲᠥᠪ ᠬᠤᠷᠢᠶ᠎ᠠ ᠶᠢᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠪᠠᠷ ᠦᠨᠳᠦᠰᠦᠨ ᠪᠠᠲᠤᠯᠠᠭ᠎ᠠ ᠪᠤᠯᠭᠠᠵᠤ᠂ ᠠᠭᠤᠤ | ᠶᠡᠭᠡ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠪᠠᠷ ᠦᠨᠳᠦᠰᠦᠨ ᠵᠣᠷᠢᠯᠭ᠎ᠠ ᠪᠤᠯᠭᠠᠵᠤ᠂ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠨᠳᠦᠰᠦᠨ | ᠵᠢᠷᠤᠮᠯᠠᠯ ᠪᠤᠯᠭᠠᠵᠤ᠂ ᠲᠡᠦᠬᠡ ᠶᠢᠨ ᠦᠶᠡᠯᠡᠯ ᠤᠨ ᠳᠠᠪᠲᠠᠮᠵᠢ ᠠᠴᠠ ᠮᠤᠯᠲᠤᠷᠠᠬᠤ ᠪᠠᠷ ᠪᠠᠶᠢᠯᠳᠤᠬᠤ ᠪᠣᠳᠣᠯᠭ᠎ᠠ ᠶᠢᠨ | ᠬᠠᠷᠠᠯᠲᠠ ᠪᠤᠯᠭᠠᠵᠤ᠂ ᠲᠣᠮᠣ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠭᠤᠣᠯ ᠰᠢᠪᠲᠤᠯᠬᠤ | ᠴᠢᠭᠯᠡᠯ ᠢᠶᠠᠨ ᠪᠤᠯᠭᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠲᠡᠭᠦᠯᠳᠡᠷᠵᠢᠭᠦᠯᠬᠦ ᠪᠠᠷ | ᠪᠦᠲᠦᠮᠵᠢᠲᠡᠶ ᠠᠷᠭ᠎ᠠ ᠵᠠᠮ ᠪᠤᠯᠭᠠᠵᠤ᠂ ᠡᠷᠡᠰ ᠬᠠᠲᠠᠭᠤ ᠵᠣᠬᠢᠶᠠᠨ ᠪᠠᠶᠢᠭᠤᠯᠤᠯᠲᠠ ᠶᠢ ᠳᠠᠪᠲᠠᠨ ᠪᠤᠯᠪᠠᠰᠤᠷᠠᠭᠤᠯᠬᠤ᠂ | ᠪᠠᠲᠤ ᠴᠢᠩᠭ᠎ᠠ ᠡᠩᠨᠡᠭᠡ ᠶᠢ ᠪᠠᠶᠢᠭᠤᠯᠬᠤ ᠪᠠᠷ ᠴᠢᠬᠤᠯᠠ ᠬᠦᠴᠦᠯᠡᠬᠦ ᠴᠡᠭ ᠪᠤᠯᠭᠠᠵᠤ᠂ ᠰᠤᠷᠲᠠᠯ ᠢ ᠴᠡᠭᠴᠡᠯᠡᠨ | ᠰᠠᠬᠢᠯᠭ᠎ᠠ ᠪᠠᠲᠤ ᠶᠢ ᠴᠢᠩᠳᠠᠯᠠᠬᠤ ᠪᠠᠷ ᠴᠢᠬᠤᠯᠠ ᠭᠠᠷᠳᠠᠴᠠ ᠪᠤᠯᠭᠠᠵᠤ᠂ ᠲᠤᠰ ᠪᠡᠶ᠎ᠡ ᠶᠢᠨ ᠬᠢᠨᠠᠯᠲᠠ ᠪᠠ ᠠᠷᠠᠳ | ᠲᠦᠮᠡᠨ ᠤ ᠬᠢᠨᠠᠯᠲᠠ ᠶᠢ ᠤᠶᠠᠯᠳᠤᠭᠤᠯᠬᠤ ᠪᠠᠷ ᠬᠦᠴᠦᠷᠬᠡᠭ ᠶᠡᠭᠡ ᠬᠥᠳᠡᠯᠭᠡᠬᠦ ᠬᠦᠴᠦᠨ ᠪᠤᠯᠭᠠᠬᠤ ᠬᠡᠷᠡᠭᠲᠡᠢ᠃ | ᠦᠵᠡᠯ ᠰᠠᠨᠠᠭ᠎ᠠ ᠪᠠᠨ ᠴᠢᠯᠦᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ | ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠦᠢᠯᠡᠳᠦᠯᠭᠡ ᠶᠢᠨ ᠰᠦᠪᠡᠭᠴᠢᠯᠡᠯᠲᠡ ᠪᠠ | ᠤᠨᠤᠯ ᠤᠨ ᠰᠢᠨ᠎ᠡ ᠶᠢ ᠡᠭᠦᠳᠬᠦ ᠶᠢ ᠲᠠᠰᠤᠷᠠᠯᠳᠠ ᠦᠭᠡᠢ ᠬᠢᠵᠦ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ | ᠲᠤᠬᠠᠢ ᠵᠢᠮ᠎ᠡ ᠶᠣᠰᠣᠴᠢ ᠴᠢᠨᠠᠷ ᠤᠨ ᠲᠠᠨᠢᠯᠲᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠨᠠᠮ ᠤᠨ ᠥᠪᠡᠷ | ᠪᠡᠶ᠎ᠡ ᠶᠢᠨ ᠬᠤᠪᠢᠰᠬᠠᠯ ᠬᠢᠬᠦ ᠰᠡᠳᠬᠢᠴᠡ ᠠᠷᠭ᠎ᠠ ᠬᠡᠮᠵᠢᠶ᠎ᠡ ᠶᠢ ᠨᠡᠩ ᠨᠢᠭᠲᠠ ᠴᠢᠩᠭ᠎ᠠ ᠪᠤᠯᠭᠠᠵᠤ᠂ ᠹᠷᠣᠨᠲ | ᠪᠦᠷᠢ ᠶᠢᠨ᠂ ᠭᠤᠭᠴᠤᠭ᠎ᠠ ᠪᠦᠷᠢ ᠶᠢᠨ ᠥᠪᠡᠷ ᠪᠡᠶ᠎ᠡ ᠶᠢᠨ ᠬᠤᠪᠢᠰᠬᠠᠯ ᠢ ᠪᠣᠳᠠᠲᠠᠢ ᠠᠳᠬᠤᠵᠤ᠂ ᠭᠦᠨᠵᠡᠭᠡᠢ | ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠰᠢᠨ᠎ᠡ ᠠᠶᠠᠨ ᠳᠤ ᠢᠯᠵᠠᠷᠠᠯ ᠢ ᠡᠰᠡᠷᠭᠦᠴᠡᠬᠦ ᠲᠡᠮᠡᠴᠡᠯ ᠬᠢᠬᠦ ᠳᠤ᠂ ᠡᠷᠬᠡᠪᠰᠢ ᠢᠯᠵᠠᠷᠠᠯ ᠤᠨ | ᠠᠰᠠᠭᠤᠳᠠᠯ ᠡᠭᠦᠰᠬᠦ ᠬᠥᠷᠥᠰᠥ ᠰᠢᠷᠣᠢ ᠪᠣᠯᠣᠨ ᠨᠥᠬᠦᠴᠡᠯ ᠢ ᠠᠷᠢᠯᠭᠠᠬᠤ ᠳᠡᠭᠡᠷ᠎ᠡ ᠦᠷᠭᠦᠯᠵᠢᠯᠡᠨ ᠬᠦᠴᠦᠯᠡᠵᠦ᠂ | ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ᠃ ᠶᠡᠷᠦᠩᠬᠡᠢ ᠱᠠᠭᠠᠷᠳᠠᠯᠭ᠎ᠠ ᠪᠣᠯ ᠢᠯᠵᠠᠷᠠᠬᠤ ᠠᠴᠠ ᠵᠢᠷᠦᠬᠡᠰᠢᠶᠡᠬᠦ᠂ | ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ | ᠪᠠᠷᠢᠮᠲᠠᠯᠠᠵᠤ᠂ ᠦᠡᠭᠭᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ᠂ ᠰᠢᠰᠲ᠋ᠧᠮ ᠲᠠᠢ ᠪᠠᠷ ᠵᠠᠰᠠᠬᠤ ᠶᠢ | ᠭᠦᠨᠵᠡᠭᠡᠶᠢᠷᠡᠭᠦᠯᠦᠨ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠭᠦᠨᠴᠡ ᠪᠠ ᠥᠷᠭᠡᠴᠡ ᠶᠢ ᠲᠠᠰᠤᠷᠠᠯᠳᠠ ᠦᠭᠡᠢ | ᠶᠡᠬᠡᠰᠬᠡᠵᠦ᠂ ᠡᠪᠡᠳᠴᠢᠨ ᠳᠤᠨᠢ ᠲᠣᠬᠢᠷᠠᠭᠤᠯᠤᠨ ᠡᠮ ᠥᠭᠴᠦ᠂ ᠨᠠᠷᠢᠯᠢᠭ ᠣᠨᠣᠴᠠᠲᠠᠢ ᠵᠠᠰᠠᠵᠤ᠂ ᠤᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠲᠠᠭᠢᠨ ᠳᠠᠪᠲᠠᠨ ᠡᠭᠦᠰᠴᠦ ᠪᠠᠶᠢᠭ᠎ᠠ ᠬᠠᠭᠤᠴᠢᠨ ᠠᠰᠠᠭᠤᠳᠠᠯ ᠢ ᠠᠯᠬᠤᠮ | ᠠᠯᠬᠤᠮ ᠢᠶᠠᠷ ᠪᠠᠭᠠᠰᠬᠠᠵᠤ᠂ ᠰᠢᠨ᠎ᠡ ᠪᠠᠷ ᠢᠯᠡᠷᠡᠭᠰᠡᠨ ᠠᠰᠠᠭᠤᠳᠠᠯ ᠢ ᠦᠷᠪᠢᠰᠦᠨ ᠳᠡᠯᠭᠡᠷᠡᠬᠦᠶ᠎ᠡ ᠪᠡᠷᠬᠡ ᠪᠤᠯᠭᠠᠵᠤ᠂ | ᠢᠯᠵᠠᠷᠠᠯ ᠤᠨ ᠠᠰᠠᠭᠤᠳᠠᠯ ᠢ ᠰᠡᠷᠭᠡᠶᠢᠯᠡᠬᠦ ᠪᠠ ᠵᠠᠰᠠᠬᠤ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ | ᠪᠦᠲᠦᠮᠵᠢᠳᠠᠢ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠢᠯᠵᠠᠷᠠᠯ ᠢ ᠡᠰᠡᠷᠭᠦᠴᠡᠬᠦ ᠲᠡᠮᠡᠴᠡᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠢᠯᠵᠠᠷᠠᠯ ᠢ ᠡᠰᠡᠷᠭᠦᠴᠡᠬᠦ | ᠲᠡᠮᠡᠴᠡᠯ ᠤᠨ ᠪᠦᠭᠦ ᠶᠠᠪᠤᠴᠠ ᠳᠠᠬᠢ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠢᠯᠵᠠᠷᠠᠯ ᠤᠨ ᠬᠡᠷᠡᠭ ᠢ | ᠪᠠᠶᠢᠴᠠᠭᠠᠨ ᠰᠢᠢᠳᠪᠦᠷᠢᠯᠡᠬᠦ ᠶᠢ ᠡᠷᠡᠰ ᠳᠡᠮᠵᠢᠵᠦ᠂ ᠬᠠᠲᠠᠭᠤ ᠲᠠᠢ ᠨᠢ ᠬᠠᠯᠳᠠᠵᠤ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠲᠤᠰᠬᠠᠢ ᠬᠠᠷᠢᠭᠤᠴᠠᠬᠤ ᠪᠠᠶᠢᠭᠤᠯᠭ᠎ᠠ ᠪᠣᠯᠤᠭᠰᠠᠨ ᠤ ᠬᠤᠪᠢ ᠳᠤ᠂ ᠨᠡᠩ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠨᠠᠮ ᠤᠨ ᠬᠤᠷᠢᠶ᠎ᠠ ᠲᠠᠢ ᠬᠦᠴᠦᠲᠡᠢ ᠪᠥᠭᠡᠳ | ᠪᠦᠲᠦᠮᠵᠢᠳᠠᠢ ᠬᠠᠮᠵᠢᠯᠴᠠᠨ ᠢᠯᠵᠠᠷᠠᠯ ᠢ ᠡᠰᠡᠷᠭᠦᠴᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠢᠯᠵᠠᠷᠠᠯ ᠢ | ᠡᠰᠡᠷᠭᠦᠴᠡᠬᠦ ᠪᠦᠭᠦ ᠬᠡᠯᠬᠢᠶᠡᠨ ᠤ ᠬᠦᠴᠦᠨ ᠢ ᠨᠡᠶᠢᠳᠬᠡᠬᠦ ᠬᠡᠷᠡᠭᠲᠡᠢ᠃ ᠡᠯ᠎ᠡ ᠡᠭᠦᠷᠭᠡ ᠲᠤᠰᠢᠶᠠᠯᠲᠤ ᠰᠠᠯᠠᠭ᠎ᠠ ᠮᠥᠴᠢᠷ | ᠥᠨᠳᠥᠷ ᠪᠦᠲᠦᠮᠵᠢᠲᠡᠢ ᠬᠠᠮᠵᠢᠯᠴᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠢᠯᠵᠠᠷᠠᠯ ᠢ ᠡᠰᠡᠷᠭᠦᠴᠡᠬᠦ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠤᠬᠠᠮᠰᠠᠷ ᠠᠴᠠ ᠪᠠᠨ ᠪᠣᠳᠠᠲᠠᠢ ᠠᠵᠢᠯᠯᠠᠭ᠎ᠠ ᠪᠣᠯᠭᠠᠨ | ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠢᠯᠵᠠᠷᠠᠯ ᠢ ᠵᠠᠯᠬᠠᠭᠠᠨ ᠰᠢᠢᠳᠬᠡᠬᠦ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ | ᠪᠠᠲᠤᠯᠠᠬᠤ ᠬᠡᠷᠡᠭᠲᠡᠢ᠃ ᠮᠥᠨ ᠬᠦ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶᠢᠭ᠎ᠠ ᠪᠠᠶᠢᠳᠠᠯ ᠤᠨ ᠡᠮᠦᠨ᠎ᠡ᠂ | ᠢᠯᠵᠠᠷᠠᠯ ᠢ ᠡᠰᠡᠷᠭᠦᠴᠡᠬᠦ ᠳᠤ ᠶᠠᠭᠠᠬᠢᠭᠰᠠᠨ ᠴᠤ ᠪᠤᠴᠠᠵᠤ ᠪᠤᠯᠬᠤ ᠦᠭᠡᠢ᠂ ᠰᠤᠯᠠᠷᠠᠭᠤᠯᠵᠤ ᠪᠤᠯᠬᠤ ᠦᠭᠡᠢ᠂ | ᠡᠨᠡᠷᠢᠩᠭᠦᠢ ᠵᠥᠭᠡᠯᠡᠨ ᠪᠠᠶᠢᠵᠤ ᠪᠤᠯᠬᠤ ᠦᠭᠡᠢ᠂ ᠡᠷᠬᠡᠪᠰᠢ ᠳᠠᠭᠠᠷᠢᠯᠲᠠ ᠶᠢᠨ ᠪᠦᠷᠢᠶ᠎ᠡ ᠶᠢ ᠦᠷᠭᠦᠯᠵᠢᠳᠡ | ᠳᠤᠤᠭᠠᠷᠭᠠᠬᠤ ᠬᠡᠷᠡᠭᠲᠡᠢ᠃ ︽ᠳᠣᠯᠣᠭᠠᠨ ᠪᠠᠶᠢᠬᠤ︾ ᠠᠰᠠᠭᠤᠳᠠᠯ ᠢ ᠦᠷᠭᠦᠯᠵᠢᠯᠡᠨ ᠠᠩᠬᠠᠷᠴᠤ᠂ ᠵᠠᠰᠠᠭ ᠤᠨ | ᠣᠷᠳᠣᠨ ᠪᠠ ᠬᠤᠳᠠᠯᠳᠤᠭᠠᠴᠢᠨ ᠤ ᠰᠦᠯᠪᠡᠭᠡᠯᠡᠭᠰᠡᠨ ᠢᠯᠵᠠᠷᠠᠯ ᠢ ᠴᠢᠩᠭ᠎ᠠ ᠰᠢᠢᠳᠬᠡᠬᠦ ᠶᠢ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠡᠷᠬᠡ ᠪᠠᠷ ᠲᠦᠰᠢᠭ ᠪᠤᠯᠭᠠᠬᠰᠠᠨ | ᠬᠥᠷᠥᠩᠭᠡ ᠠᠰᠢᠭ ᠬᠥᠭᠡᠭᠡᠴᠡᠯᠳᠦᠬᠦ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠡᠯ᠎ᠡ ᠵᠦᠢᠯ ᠤᠨ ᠠᠰᠢᠭ | ᠲᠤᠰᠠ ᠶᠢᠨ ᠪᠦᠯᠦᠭᠯᠡᠯ᠂ ᠡᠷᠬᠡ ᠰᠦᠷᠲᠦ ᠪᠦᠯᠭᠦᠮ ᠤᠨ ᠤᠯᠤᠰ ᠲᠥᠷᠦ ᠶᠢᠨ ᠬᠦᠷᠢᠶᠡᠨ ᠳᠤ ᠨᠡᠪᠴᠢᠬᠦ ᠶᠢ ᠲᠠᠰᠤ | ᠰᠡᠷᠭᠡᠶᠢᠯᠡᠬᠦ ᠬᠡᠷᠡᠭᠲᠡᠢ᠃ ᠮᠥᠩᠭᠦᠨ ᠭᠦᠢᠯᠭᠡᠭᠡᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠨᠧᠷᠭᠢ᠂ ᠡᠮ | ᠡᠮᠨᠡᠯᠭᠡ ᠪᠠ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠡᠷᠬᠡ ᠲᠥᠪᠯᠡᠷᠡᠭᠰᠡᠨ᠂ ᠪᠡᠯᠡ | ᠮᠥᠩᠭᠦ ᠨᠢᠭᠲᠠᠷᠠᠭᠰᠠᠨ᠂ ᠡᠬᠢ ᠪᠠᠶᠠᠯᠢᠭ ᠴᠤᠭᠯᠠᠷᠠᠭᠰᠠᠨ ᠬᠦᠷᠢᠶᠡᠨ ᠳᠠᠬᠢ ᠢᠯᠵᠠᠷᠠᠯ ᠢ ᠴᠡᠭᠴᠡᠯᠡᠨ ᠵᠠᠰᠠᠬᠤ ᠠᠵᠢᠯ ᠢ | ᠭᠦᠨᠵᠡᠭᠡᠶᠢᠷᠡᠭᠦᠯᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠠᠷᠢᠯᠭᠠᠬᠤ ᠬᠡᠷᠡᠭᠲᠡᠢ᠃ ︽ᠵᠢᠵᠢᠭ ᠢᠶᠠᠷ ᠱᠠᠮᠰᠢᠵᠤ | ᠪᠠᠭ᠎ᠠ ᠪᠠᠷ ᠢᠯᠵᠠᠷᠠᠬᠤ︾ ᠶᠢ ᠵᠠᠯᠬᠠᠭᠠᠨ ᠰᠢᠢᠳᠬᠡᠵᠦ᠂ ᠤᠯᠠᠨ ᠲᠦᠮᠡᠨ ᠳᠤ ᠨᠡᠩ ᠤᠯᠠᠨ ᠬᠦᠷᠲᠡᠮᠵᠢ ᠶᠢᠨ | ᠲᠥᠷᠥᠭᠳᠡᠯ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠢᠯᠵᠠᠷᠠᠯ ᠤᠨ ᠪᠤᠢ ᠪᠣᠯᠵᠤ ᠦᠷᠪᠢᠰᠦᠨ ᠳᠡᠯᠭᠡᠷᠡᠬᠦ ᠶᠢ | ᠲᠠᠰᠤᠯᠬᠤ ᠬᠡᠷᠡᠭᠲᠡᠢ᠃ ᠢᠯᠵᠠᠷᠠᠯ ᠤᠨ ᠮᠥᠨ ᠴᠢᠨᠠᠷ ᠨᠢ ᠡᠷᠬᠡ ᠶᠢ ᠳᠤᠷ᠎ᠠ ᠪᠠᠷ ᠢᠶᠠᠨ ᠬᠡᠷᠡᠭᠯᠡᠬᠦ ᠶᠠᠪᠤᠳᠠᠯ ᠪᠣᠯᠣᠨ᠎ᠠ᠃ | ᠲᠥᠷᠥ ᠶᠢᠨ ᠪᠣᠳᠣᠯᠭ᠎ᠠ ᠲᠣᠭᠲᠠᠭᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠢᠨᠠᠨ ᠵᠥᠪᠰᠢᠶᠡᠷᠡᠬᠦ ᠬᠢᠨᠠᠨ | ᠬᠠᠮᠢᠶᠠᠷᠬᠤ ᠵᠡᠷᠭᠡ ᠵᠠᠩᠭᠢᠯᠠᠭ᠎ᠠ ᠶᠢᠨ ᠡᠷᠬᠡ ᠶᠢ ᠠᠳᠬᠤᠵᠤ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠦᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠪᠠᠷ | ᠮᠠᠨᠳᠤᠭᠰᠠᠨ ᠬᠦᠷᠢᠶᠡᠨ ᠤ ᠵᠠᠰᠠᠯᠲᠠ ᠶᠢᠨ ᠲᠣᠭᠲᠠᠴᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠡᠷᠬᠡ ᠶᠢᠨ | ᠲᠣᠬᠢᠷᠠᠭᠤᠯᠤᠯᠲᠠ ᠪᠣᠯᠣᠨ ᠠᠵᠢᠯᠯᠠᠭᠠᠨ ᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠳᠦᠷᠢᠮ ᠤᠨ | ᠳᠤᠲᠠᠭᠤᠳᠠᠯ ᠢ ᠴᠢᠨᠠᠭᠰᠢᠳᠠ ᠨᠥᠬᠦᠪᠦᠷᠢᠯᠡᠵᠦ᠂ ᠴᠢᠯᠦᠭᠡᠲᠡᠢ ᠪᠠᠷ ᠲᠠᠰᠤᠯᠤᠨ ᠲᠣᠭᠲᠠᠭᠠᠬᠤ ᠡᠷᠬᠡ ᠶᠢ | ᠵᠢᠷᠤᠮᠵᠢᠭᠤᠯᠵᠤ᠂ ᠡᠷᠬᠡ ᠳᠤ ᠲᠦᠰᠢᠭᠯᠡᠵᠦ ᠠᠰᠢᠭ ᠣᠯᠵᠠᠪᠤᠷᠢ ᠣᠯᠬᠤ ᠠᠵᠠ ᠲᠣᠭᠢᠶᠠᠯ ᠢ ᠪᠠᠭᠠᠰᠬᠠᠬᠤ ᠬᠡᠷᠡᠭᠲᠡᠢ᠃ | ᠢᠯᠵᠠᠷᠠᠯ ᠢ ᠤᠷᠢᠳᠴᠢᠯᠠᠨ ᠰᠡᠷᠡᠮᠵᠢᠯᠡᠭᠦᠯᠵᠦ ᠵᠠᠯᠬᠠᠭᠠᠨ ᠰᠢᠢᠳᠬᠡᠬᠦ ᠬᠤᠯᠪᠣᠯᠳᠤᠭᠰᠠᠨ ᠲᠣᠭᠲᠠᠴᠠ ᠶᠢ ᠪᠠᠶᠢᠭᠤᠯᠵᠤ᠂ | ᠠᠷᠢᠭᠤᠨ ᠴᠢᠬᠡᠴᠢ ᠶᠢᠨ ᠠᠶᠤᠯ ᠲᠦᠭᠰᠢᠭᠦᠷᠢ ᠶᠢᠨ ᠭᠡᠮ ᠰᠣᠭᠤᠭ ᠤᠨ ᠬᠥᠳᠡᠯᠦᠩᠭᠦᠢ ᠬᠢᠨᠠᠨ ᠬᠡᠮᠵᠢᠯᠲᠡ ᠶᠢ | ᠴᠢᠩᠭᠠᠳᠬᠠᠵᠤ᠂ ᠰᠢᠨ᠎ᠡ ᠭᠡᠯᠪᠡᠷᠢ ᠶᠢᠨ ᠢᠯᠵᠠᠷᠠᠯ ᠪᠠ ᠲᠠᠯᠳᠠ ᠢᠯᠵᠠᠷᠠᠯ ᠢ ᠲᠦᠷᠭᠡᠨ ᠰᠢᠢᠳᠪᠦᠷᠢᠯᠡᠬᠦ ᠶᠢ | ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠢᠯᠵᠠᠷᠠᠯ ᠢ ᠡᠰᠡᠷᠭᠦᠴᠡᠬᠦ ᠬᠠᠤᠯᠢ ᠲᠣᠭᠲᠠᠭᠠᠯ ᠳᠦᠷᠢᠮ ᠢ ᠴᠢᠨᠠᠭᠰᠢᠳᠠ ᠪᠦᠷᠢᠨᠰᠢᠭᠦᠯᠬᠦ | ᠬᠡᠷᠡᠭᠲᠡᠢ᠃ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠵᠡᠷᠭᠡ | ᠰᠠᠭᠤᠷᠢᠯᠠᠬᠤ ᠴᠢᠨᠠᠷᠲᠠᠢ ᠬᠠᠤᠯᠢ ᠲᠣᠭᠲᠠᠭᠠᠯ ᠳᠦᠷᠢᠮ ᠢ ᠨᠢᠭᠡ ᠴᠣᠭᠴᠠᠵᠢᠭᠤᠯᠤᠨ ᠠᠬᠢᠭᠤᠯᠬᠤ ᠲᠠᠢ | ᠤᠶᠠᠯᠳᠤᠭᠤᠯᠤᠨ᠂ ︽ᠨᠢᠭᠡᠳᠦᠭᠡᠷ ᠬᠠᠷᠢᠭᠤᠴᠠᠯᠭᠠᠲᠠᠨ︾ ᠪᠠ ᠤᠳᠤᠷᠢᠳᠬᠤ ᠪᠠᠭ ᠤᠨ ᠬᠢᠨᠠᠯᠲᠠ ᠶᠢ ᠴᠢᠩᠭᠠᠳᠬᠠᠬᠤ | ᠢᠵᠢ ᠪᠦᠷᠢᠳᠦᠭᠦᠯᠦᠭᠰᠡᠨ ᠳᠦᠷᠢᠮ ᠢ ᠪᠦᠷᠢᠨᠰᠢᠭᠦᠯᠬᠦ ᠬᠡᠷᠡᠭᠲᠡᠢ᠃ ᠢᠯᠵᠠᠷᠠᠯ ᠢ ᠡᠰᠡᠷᠭᠦᠴᠡᠬᠦ ᠲᠤᠬᠠᠢ ᠤᠯᠤᠰ ᠠᠴᠠ | ᠬᠠᠤᠯᠢ ᠲᠣᠭᠲᠠᠭᠠᠬᠤ ᠶᠢ ᠦᠷᠭᠦᠯᠵᠢᠯᠡᠨ ᠠᠬᠢᠭᠤᠯᠵᠤ᠂ ᠬᠢᠨᠠᠨ ᠪᠠᠶᠢᠴᠠᠭᠠᠬᠤ ᠬᠠᠤᠯᠢ ᠳᠤ ᠴᠠᠭ ᠦᠶ᠎ᠡ ᠲᠠᠢ | ᠵᠡᠷᠭᠡ ᠪᠠᠷ ᠤᠷᠤᠭᠰᠢᠯᠠᠨ ᠵᠠᠰᠠᠪᠤᠷᠢ ᠣᠷᠣᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠰᠠᠬᠢᠯᠭ᠎ᠠ ᠪᠠᠲᠤ ᠶᠢᠨ | ᠰᠢᠢᠳᠬᠡᠯ ᠥᠭᠬᠦ ᠳᠦᠷᠢᠮ ᠢ ᠰᠤᠷᠤᠯᠴᠠᠨ ᠲᠤᠭᠤᠰᠢᠯᠠᠭᠤᠯᠬᠤ ᠪᠠᠷ ᠲᠣᠭᠢᠶᠠᠯ ᠪᠤᠯᠭᠠᠵᠤ᠂ ᠪᠦᠭᠦ ᠨᠠᠮ ᠳᠤ ᠨᠢᠭᠡ | ᠤᠳᠠᠭᠠᠨ ᠤ ᠲᠥᠪᠯᠡᠷᠡᠩᠭᠦᠢ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠢ ᠥᠷᠨᠢᠭᠦᠯᠬᠦ ᠬᠡᠷᠡᠭᠲᠡᠢ᠃ | ᠭᠤᠣᠯᠳᠠᠯᠭ᠎ᠠ ᠲᠠᠢ ᠬᠠᠤᠯᠢ ᠲᠣᠭᠲᠠᠭᠠᠯ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠶᠢ ᠴᠢᠩᠭᠠᠳᠬᠠᠵᠤ᠂ ᠨᠢᠭᠡ ᠴᠣᠭᠴᠠᠵᠢᠭᠤᠯᠤᠨ ᠵᠢᠷᠤᠮᠯᠠᠵᠤ᠂ ᠨᠢᠭᠡ ᠴᠣᠭᠴᠠᠵᠢᠭᠤᠯᠤᠨ | ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠡᠭᠡᠯᠢ ᠲᠦᠯᠬᠢᠬᠦ ᠠᠵᠢᠯᠯᠠᠭ᠎ᠠ ᠶᠢ ᠵᠠᠯᠬᠠᠭᠠᠨ ᠰᠢᠢᠳᠬᠡᠬᠦ ᠡᠷᠴᠢᠮ ᠢᠶᠠᠨ ᠴᠢᠩᠭᠠᠷᠠᠭᠤᠯᠬᠤ | ᠬᠡᠷᠡᠭᠲᠡᠢ᠃ ᠳᠠᠩᠳᠠ ᠺᠠᠳ᠋ᠷ ᠢ ᠲᠠᠲᠠᠵᠤ ᠠᠯᠳᠠᠭ᠎ᠠ ᠭᠠᠷᠭᠠᠯᠭᠠᠳᠠᠭ᠂ ᠪᠤᠰᠤᠳ ᠢ ᠬᠤᠣᠷᠯᠠᠳᠠᠭ ᠲᠡᠳᠡᠭᠡᠷ ᠬᠡᠭᠡᠯᠢ | ᠲᠦᠯᠬᠢᠳᠡᠭ ᠬᠥᠮᠥᠰ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ | ᠮᠡᠳᠡᠭᠳᠡᠵᠦ᠂ ᠬᠥᠮᠥᠰ ᠤᠨ ᠠᠳᠡᠭᠦᠦ ᠲᠠᠨᠢᠯᠲᠠ ᠶᠢ ᠵᠠᠯᠠᠷᠠᠭᠤᠯᠵᠤ᠂ ᠵᠠᠯᠬᠠᠭᠠᠬᠤ ᠪᠠᠷ ᠳᠠᠮᠵᠢᠵᠤ ᠴᠡᠭᠡᠷᠯᠡᠯ ᠦᠵᠡᠭᠦᠯᠭᠦ | ᠬᠡᠷᠡᠭᠲᠡᠢ᠃ ᠬᠡᠭᠡᠯᠢ ᠲᠦᠯᠬᠢᠭᠡᠳ ᠣᠯᠣᠭᠰᠠᠨ ᠵᠦᠢ ᠪᠤᠰᠤ ᠠᠰᠢᠭ ᠲᠤᠰᠠ ᠶᠢ ᠨᠡᠬᠡᠮᠵᠢᠯᠡᠨ ᠲᠤᠰᠢᠶᠠᠯᠭᠠᠬᠤ ᠪᠠ | ᠵᠠᠯᠠᠷᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠴᠥᠬᠦᠷᠡᠰᠢ ᠦᠭᠡᠢ ᠪᠠᠷᠢᠮᠲᠠᠯᠠᠨ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ | ᠬᠡᠷᠡᠭᠲᠡᠢ᠃ ᠮᠠᠭᠤ ᠶᠢ ᠨᠢ ᠮᠠᠭᠤᠰᠢᠶᠠᠬᠤ ᠪᠠ ᠰᠠᠶᠢᠨ ᠢ ᠨᠢ ᠰᠠᠶᠢᠰᠢᠶᠠᠬᠤ ᠶᠢ ᠵᠡᠷᠭᠡ ᠪᠠᠷ ᠴᠢᠬᠤᠯᠠᠴᠢᠯᠠᠬᠤ ᠶᠢ | ᠪᠠᠷᠢᠮᠲᠠᠯᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠳᠠᠯᠠᠵᠤ᠂ | ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠤᠯᠭᠠᠵᠤ᠂ ︽ᠲᠠᠯᠳᠠ ᠳᠦᠷᠢᠮ | ᠭᠤᠷᠢᠮ︾ ᠢ ᠡᠪᠳᠡᠨ᠂ ︽ᠢᠯᠡ ᠶᠣᠰᠣ ᠳᠦᠷᠢᠮ︾ ᠢ ᠲᠣᠭᠲᠠᠭᠠᠵᠤ᠂ ︽ᠵᠢᠵᠢᠭ ᠪᠦᠯᠭᠦᠮ︾᠂ ︽ᠡᠷᠬᠡ | ᠰᠦᠷᠳᠡᠨ ᠢ ᠳᠣᠲᠣᠨᠣᠴᠢᠯᠠᠬᠤ︾᠂ ︽ᠬᠥᠭᠦᠷᠭᠡ ᠬᠤᠯᠪᠣᠭᠠᠰᠤ ᠪᠤᠯᠬᠤ︾ ᠶᠢ ᠡᠷᠡᠰ ᠰᠡᠷᠭᠡᠶᠢᠯᠡᠵᠦ᠂ ᠡᠯ᠎ᠡ | ᠵᠦᠢᠯ ᠤᠨ ᠤᠯᠤᠰ ᠲᠦᠷᠦ ᠶᠢᠨ ᠮᠡᠬᠡᠯᠡᠭᠴᠢ ᠳᠤ ᠬᠦᠴᠦᠲᠡᠢ ᠴᠣᠬᠢᠯᠲᠠ ᠥᠭᠴᠦ᠂ ᠲᠠᠸᠠᠷ ᠤᠨ ᠰᠣᠯᠢᠯᠴᠠᠭᠠᠨ ᠤ | ᠵᠠᠷᠴᠢᠮ ᠢ ᠨᠠᠮ ᠤᠨ ᠳᠣᠲᠣᠭᠠᠳᠤ ᠳᠤ ᠠᠪᠴᠢᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠬᠥᠮᠥᠨ ᠰᠣᠩᠭᠤᠵᠤ | ᠬᠥᠮᠥᠨ ᠬᠡᠷᠡᠭᠯᠡᠬᠦ ᠲᠠᠯ᠎ᠠ ᠪᠠᠷ ᠬᠢ ᠲᠥᠪ ᠪᠤᠰᠤ ᠰᠤᠷᠲᠠᠯ ᠢ ᠴᠥᠬᠦᠷᠡᠰᠢ ᠦᠭᠡᠢ ᠴᠡᠭᠴᠡᠯᠡᠨ ᠵᠠᠰᠠᠵᠤ᠂ ᠨᠥᠬᠦᠳ ᠤᠨ | ᠬᠤᠭᠤᠷᠤᠨᠳᠤᠭᠢ ᠠᠷᠢᠭᠤᠨ ᠴᠢᠬᠡᠴᠢ ᠬᠠᠷᠢᠴᠠᠭ᠎ᠠ᠂ ᠳᠡᠭᠡᠷ᠎ᠡ ᠳᠣᠣᠷ᠎ᠠ ᠱᠠᠲᠤᠨ ᠤ ᠶᠣᠰᠣ ᠳᠦᠷᠢᠮ ᠲᠠᠢ ᠬᠠᠷᠢᠴᠠᠭ᠎ᠠ | ᠪᠦᠷᠢᠯᠳᠦᠬᠦ ᠶᠢ ᠠᠬᠢᠭᠤᠯᠵᠤ᠂ ᠤᠯᠤᠰ ᠲᠦᠷᠦ ᠶᠢᠨ ᠠᠮᠢ ᠠᠬᠤᠢ ᠶᠢᠨ ᠠᠭᠤᠯᠠ ᠤᠰᠤ ᠴᠡᠪᠡᠷ ᠲᠤᠩᠭᠠᠯᠠᠭ | ᠪᠠᠶᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ | ᠬᠡᠷᠡᠭᠲᠡᠢ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠭᠦᠨᠵᠡᠭᠡᠢ ᠥᠷᠨᠢᠭᠦᠯᠵᠦ | ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠵᠠᠯᠭᠠᠮᠵᠢᠯᠠᠨ᠂ ᠡᠪ ᠬᠠᠮᠲᠤ ᠨᠠᠮ ᠤᠨ | ᠭᠡᠰᠢᠭᠦᠨ ᠤ ᠡᠷᠬᠢᠮ ᠳᠡᠭᠡᠳᠦ ᠬᠦᠰᠡᠯᠡᠩ ᠬᠥᠭᠡᠭᠡᠴᠡᠯᠳᠦᠯ ᠢ ᠬᠥᠭᠵᠢᠭᠡᠵᠦ᠂ ᠡᠷᠬᠡ ᠪᠠᠨ ᠠᠰᠢᠭᠯᠠᠨ ᠠᠮᠢ ᠪᠠᠨ | ᠪᠣᠷᠳᠣᠬᠤ᠂ ᠱᠠᠮᠰᠢᠵᠤ ᠢᠯᠵᠠᠷᠠᠨ ᠳᠣᠷᠦ᠋ᠢᠲᠠᠬᠤ ᠶᠢ ᠲᠦᠢᠯ ᠤᠨ ᠶᠡᠭᠡ ᠢᠴᠢᠭᠦᠷᠢ ᠭᠤᠲᠤᠮᠰᠢᠭ ᠢᠶᠠᠷ ᠦᠵᠡᠬᠦ | ᠬᠡᠷᠡᠭᠲᠡᠢ᠃ ᠭᠡᠷ ᠪᠦᠯᠢ ᠶᠢᠨ ᠬᠥᠮᠦᠵᠢᠯ ᠭᠡᠷ ᠤᠨ ᠰᠤᠷᠲᠠᠯ ᠢ ᠴᠢᠬᠤᠯᠠᠴᠢᠯᠠᠵᠤ᠂ ᠤᠳᠤᠷᠢᠳᠬᠤ ᠺᠠᠳ᠋ᠷ ᠢ | ᠱᠠᠯᠠᠪᠳᠠᠭᠤᠯᠤᠨ ᠲᠦᠷᠦᠯ ᠰᠠᠳᠤᠨ ᠦᠷ᠎ᠡ ᠬᠡᠦᠬᠡᠳ ᠢᠶᠠᠨ ᠴᠢᠩᠭ᠎ᠠ ᠬᠠᠮᠢᠶᠠᠷᠤᠭᠤᠯᠬᠤ ᠬᠡᠷᠡᠭᠲᠡᠢ᠃ ᠠᠷᠢᠭᠤᠨ | ᠴᠢᠬᠡᠴᠢ ᠶᠢᠨ ᠣᠶᠢᠯᠠᠭᠠᠭᠳᠠᠬᠤᠨ᠂ ᠠᠷᠢᠭᠤᠨ ᠴᠢᠬᠡᠴᠢ ᠶᠢᠨ ᠨᠡᠶᠢᠲᠡᠯᠢᠭ ᠵᠢᠱᠢᠶ᠎ᠡ ᠶᠢ ᠢᠳᠡᠪᠬᠢᠲᠡᠢ ᠤᠬᠠᠭᠤᠯᠵᠤ᠂ | ᠠᠷᠢᠭᠤᠨ ᠴᠢᠬᠡᠴᠢ ᠶᠢ ᠡᠷᠬᠢᠮᠯᠡᠨ ᠢᠯᠵᠠᠷᠠᠯ ᠢ ᠡᠰᠡᠷᠭᠦᠴᠡᠬᠦ ᠰᠠᠶᠢᠨ ᠰᠠᠶᠢᠬᠠᠨ ᠬᠡᠪ ᠰᠤᠷᠲᠠᠯ ᠢ ᠪᠤᠶ ᠪᠤᠯᠭᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯ ᠨᠠᠮ ᠤᠨ ᠥᠪᠡᠷ | ᠪᠡᠶ᠎ᠡ ᠶᠢᠨ ᠬᠤᠪᠢᠰᠬᠠᠯ ᠢ ᠠᠬᠢᠭᠤᠯᠬᠤ ᠴᠢᠬᠤᠯᠠ ᠬᠦᠴᠦᠨ ᠮᠥᠨ᠂ ᠣᠨᠴᠠᠭᠠᠢ ᠤᠯᠤᠰ ᠲᠦᠷᠦ ᠶᠢᠨ ᠬᠠᠷᠢᠭᠤᠴᠠᠯᠭ᠎ᠠ | ᠪᠣᠯᠣᠨ ᠢᠷᠠᠭᠤ ᠠᠯᠳᠠᠷᠲᠤ ᠡᠭᠦᠷᠭᠡ ᠶᠢ ᠡᠭᠦᠷᠭᠡᠯᠡᠵᠦ ᠪᠠᠶᠢᠨ᠎ᠠ᠂ ᠡᠷᠬᠡᠪᠰᠢ ᠬᠠᠷᠢᠴᠠᠯᠠᠰᠢᠭᠦᠢ ᠦᠨᠡᠨᠴᠢ ᠰᠢᠳᠤᠷᠭᠤ᠂ | ᠬᠠᠷᠢᠴᠠᠯᠠᠰᠢᠭᠦᠢ ᠨᠠᠶᠢᠳᠠᠪᠤᠷᠢᠲᠠᠢ᠂ ᠬᠠᠷᠢᠴᠠᠯᠠᠰᠢᠭᠦᠢ ᠴᠡᠪᠡᠷ ᠠᠷᠢᠭᠤᠨ ᠪᠠᠶᠢᠬᠤ ᠶᠢ ᠢᠮᠠᠭᠲᠠ ᠪᠡᠶᠡᠯᠡᠭᠦᠯᠬᠦ ᠬᠡᠷᠡᠭᠲᠡᠢ᠃ | ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠯᠤᠰ ᠲᠥᠷᠥ ᠶᠢᠨ ᠦᠨᠡᠨᠴᠢ | ᠰᠢᠳᠤᠷᠭᠤ ᠪᠠᠶᠢᠬᠤ ᠶᠢ ᠴᠢᠨᠠᠭᠰᠢᠳᠠ ᠪᠠᠬᠢᠵᠢᠭᠦᠯᠵᠦ᠂ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ ᠴᠥᠮ | ᠨᠠᠮ ᠤᠨ ᠲᠥᠪ ᠬᠤᠷᠢᠶ᠎ᠠ ᠲᠠᠢ ᠨᠢᠭᠡ ᠰᠡᠳᠬᠢᠯ ᠨᠢᠭᠡ ᠵᠣᠷᠢᠭ ᠲᠠᠢ ᠪᠠᠶᠢᠵᠤ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢ | ᠨᠠᠮ ᠤᠨ ᠵᠢᠯᠣᠭᠤᠳᠤᠯᠭ᠎ᠠ ᠶᠢ ᠳᠠᠭᠠᠬᠤ᠂ ᠨᠠᠮ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ | ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠵᠠᠷᠴᠢᠮ ᠢ ᠪᠠᠷᠢᠮᠲᠠᠯᠠᠨ᠂ ᠠᠰᠠᠭᠤᠳᠠᠯ ᠢ ᠰᠢᠭᠤᠳ ᠵᠣᠷᠢᠭᠲᠠᠢ | ᠭᠦᠨᠳᠡᠵᠤ᠂ ᠵᠣᠷᠢᠭᠲᠠᠢ ᠲᠡᠮᠡᠴᠡᠵᠦ ᠴᠢᠳᠠᠮᠠᠭᠠᠢ ᠲᠡᠮᠡᠴᠡᠨ᠂ ᠬᠠᠷᠢᠭᠤᠴᠠᠯᠭ᠎ᠠ ᠡᠭᠦᠷᠭᠡᠯᠡᠨ ᠡᠭᠦᠷᠭᠡ ᠪᠠᠨ | ᠭᠦᠢᠴᠡᠳᠬᠡᠵᠦ᠂ ᠭᠤᠶᠢᠪᠢᠰᠢ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ | ᠡᠰᠡᠷᠭᠦᠴᠡᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ | ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠵᠤ᠂ ᠪᠦᠭᠦᠳᠡ ᠶᠢ ᠲᠦᠢᠳᠦᠭᠴᠢ ᠶᠢ ᠠᠷᠢᠯᠭᠠᠬᠤ ᠶᠢ ᠪᠠᠶᠢᠩᠭᠤᠵᠢᠭᠤᠯᠵᠤ᠂ ︽ᠳᠡᠷᠭᠡᠳᠡᠬᠢ | ᠠᠰᠠᠭᠤᠳᠠᠯ ᠢᠶᠠᠨ ᠣᠯᠵᠤ ᠬᠠᠷᠠᠬᠤ ᠦᠭᠡᠢ︾ ᠪᠠᠶᠢᠳᠠᠯ ᠢ ᠡᠷᠡᠰ ᠰᠡᠷᠭᠡᠶᠢᠯᠡᠨ ᠵᠠᠰᠠᠵᠤ᠂ ᠥᠪᠡᠷ ᠪᠡᠶ᠎ᠡ ᠶᠢᠨ | ᠬᠤᠪᠢᠰᠬᠠᠯ ᠤᠨ ᠦᠯᠢᠭᠡᠷ ᠳᠠᠭᠤᠷᠢᠶᠠᠯ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠬᠡᠪ | ᠳᠠᠭᠤᠷᠢᠶᠠᠯ ᠪᠤᠯᠬᠤ ᠪᠠᠷ ᠴᠢᠷᠮᠠᠶᠢᠵᠤ᠂ ᠨᠠᠮ ᠤᠨ ᠲᠥᠪ ᠬᠤᠷᠢᠶ᠎ᠠ ᠳᠠᠭᠠᠨ ᠢᠲᠡᠭᠡᠯ ᠲᠠᠢ᠂ ᠠᠷᠠᠳ ᠲᠦᠮᠡᠨ ᠳᠡᠭᠡᠨ | ᠬᠦᠷᠢᠶᠡᠯᠡᠯ ᠲᠠᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠦᠭᠦᠨ ᠢ ᠢᠯᠠᠭᠴᠢ ᠴᠡᠷᠢᠭ ᠠᠩᠭᠢ ᠶᠢ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠯᠢ ᠰᠢ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠶᠢ ᠳ᠋ᠦᠩᠨᠡᠵᠦ᠂ ᠨᠠᠮ ᠤᠨ | ᠥᠪᠡᠷ ᠪᠡᠶ᠎ᠡ ᠶᠢᠨ ᠬᠤᠪᠢᠰᠬᠠᠯ ᠤᠨ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠮᠠᠨ ᠤ | ᠨᠠᠮ ᠤᠨ ᠶᠠᠭᠤᠨ ᠳᠤ ᠥᠪᠡᠷ ᠪᠡᠶ᠎ᠡ ᠶᠢᠨ ᠬᠤᠪᠢᠰᠬᠠᠯ ᠬᠢᠬᠦ᠂ ᠶᠠᠭᠠᠬᠢᠭᠠᠳ ᠥᠪᠡᠷ ᠪᠡᠶ᠎ᠡ ᠶᠢᠨ ᠬᠤᠪᠢᠰᠬᠠᠯ ᠢ ᠬᠢᠵᠦ | ᠳᠡᠶᠢᠯᠭᠦ᠂ ᠥᠪᠡᠷ ᠪᠡᠶ᠎ᠡ ᠶᠢᠨ ᠬᠤᠪᠢᠰᠬᠠᠯ ᠢ ᠬᠡᠷᠬᠢᠨ ᠠᠬᠢᠭᠤᠯᠬᠤ ᠵᠡᠷᠭᠡ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ | ᠤᠬᠠᠭᠠᠨᠴᠢ ᠪᠠᠷ ᠬᠠᠷᠢᠭᠤᠯᠲᠠ ᠥᠭᠴᠦ᠂ ︽ᠶᠢᠰᠦᠨ︾ ᠦᠢᠯᠡᠳᠦᠯᠭᠡ ᠶᠢᠨ ᠱᠠᠭᠠᠷᠳᠠᠯᠭ᠎ᠠ ᠶᠢ ᠲᠣᠳᠣᠷᠬᠠᠢ | ᠳᠤᠷᠠᠳᠴᠤ᠂ ᠦᠷᠭᠦᠯᠵᠢᠯᠡᠨ ᠬᠦᠴᠦᠯᠡᠵᠦ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠡᠢ᠃ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠥ᠂ | ᠬᠠᠷᠠᠭ᠎ᠠ ᠥᠷᠭᠡᠨ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠪᠠᠶᠠᠯᠢᠭ ᠪᠠᠶᠢᠵᠤ᠂ ᠰᠢᠨ᠎ᠡ ᠴᠠᠭ | ᠦᠶ᠎ᠡ ᠰᠢᠨ᠎ᠡ ᠠᠶᠠᠨ ᠳᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠦᠨᠳᠦᠰᠦᠨ ᠵᠢᠷᠤᠮᠯᠠᠯ | ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠥᠪᠡᠷ | ᠪᠡᠶ᠎ᠡ ᠶᠢᠨ ᠬᠤᠪᠢᠰᠬᠠᠯ ᠢ ᠭᠦᠨᠵᠡᠭᠡᠶᠢᠷᠡᠭᠦᠯᠦᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ | ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ | ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ | ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ | ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠪᠠ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ᠂ ᠲᠥᠪ ᠤᠨ ᠪᠠ ᠲᠦᠷᠦ ᠶᠢᠨ | ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠭᠦᠮ ᠤᠨ ᠭᠤᠣᠯ ᠬᠠᠷᠢᠭᠤᠴᠠᠯᠭᠠᠲᠠᠨ ᠨᠥᠬᠦᠳ᠂ | ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠵᠠᠢ᠃ ᠬᠤᠷᠠᠯ ᠨᠢ ᠲᠧᠯᠸᠢᠰ ᠤᠲᠠᠰᠤ ᠬᠤᠷᠠᠯ ᠤᠨ ᠭᠡᠯᠪᠡᠷᠢ ᠪᠠᠷ ᠶᠠᠪᠤᠭᠳᠠᠵᠤ᠂ ᠡᠯ᠎ᠡ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ ᠵᠢᠴᠢ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠳᠤ ᠬᠤᠪᠢᠶᠠᠷᠢ | ᠬᠤᠷᠠᠯ ᠤᠨ ᠲᠠᠯᠠᠪᠠᠢ ᠲᠣᠬᠢᠷᠠᠭᠤᠯᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ 1 ᠰᠠᠷ᠎ᠠ ᠶᠢᠨ 8 ᠤ ᠡᠳᠦᠷ ᠪᠡᠭᠡᠵᠢᠩ ᠳᠤ ᠡᠬᠢᠯᠡᠪᠡ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠢ ᠡᠷᠭᠢᠯᠡᠪᠡ᠃ 8 ᠤ | ᠦᠳᠡ ᠶᠢᠨ ᠬᠤᠶᠢᠨ᠎ᠠ ᠯᠢ ᠰᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠡᠮᠦᠨ᠎ᠡ ᠠᠴᠠ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ | ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠠᠶᠠᠨ ᠳᠠᠬᠢ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠶᠢᠷᠡᠭᠦᠯᠦᠨ | ᠠᠬᠢᠭᠤᠯᠤᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ᠃ | |