ᠬᠤᠩ ᠮᠤᠤ ᠪᠠᠯᠭᠠᠰᠤᠨ ᠤ ᠬᠠᠶ ᠴᠧᠩ ᠨᠡᠶᠢᠭᠡᠮ ᠲᠣᠭᠤᠷᠢᠭ ᠤᠨ ᠥᠪᠥᠷ ᠮᠣᠩᠭᠤᠯ ᠤᠨ ᠰᠢ ᠶᠠᠨ ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ ᠤᠨ ᠬᠢᠷᠢ ᠬᠡᠮ ᠢ ᠬᠦᠴᠦᠨ ᠥᠬᠡᠶ ᠪᠣᠯᠭᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2024/10/11
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠤᠨ ᠬᠠᠮᠢᠶᠠᠷᠤᠯᠲᠠ ᠶᠢᠨ ᠠᠷᠭ᠎ᠠ︾ ︵ᠥᠪᠥᠷ ᠰᠢᠶᠠᠩ ᠵᠧᠨ ᠥᠰᠥᠭ ︹2022︺ 17 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠢᠴᠢᠭ ᠮᠠᠲ᠋ᠧᠷᠢᠶᠠᠯ ᠤᠨ ᠠᠷᠪᠠᠨ ᠳᠥᠷᠪᠡᠳᠦᠭᠡᠷ ᠵᠦᠢᠯ ᠤᠨ ᠲᠣᠭᠲᠠᠭᠠᠯ ᠶᠣᠰᠣᠭᠠᠷ᠂ ᠦᠷᠭᠦᠯᠵᠢᠯᠡᠨ ᠦᠢᠯᠡᠳᠪᠦᠷᠢᠯᠡᠭᠰᠡᠨ ᠠᠵᠤ ᠠᠬᠤᠶᠢᠯᠠᠯ ᠨᠢ ᠡᠵᠡᠩᠨᠡᠯᠲᠡ ᠮᠠᠭᠤ ᠠᠴᠠ ᠪᠣᠯᠵᠣ᠂ ᠦᠢᠯᠡᠳᠪᠦᠷᠢᠯᠡᠵᠦ ᠡᠳ᠋ᠰᠢᠭᠦᠯᠬᠦ ᠦᠢᠯᠡᠴᠢᠯᠡᠭᠡ ᠪᠠᠨ ᠬᠠᠭᠠᠰ ᠵᠢᠯ ᠠᠴᠠ ᠳᠡᠭᠡᠭᠰᠢ ᠵᠣᠭᠰᠣᠭᠠᠭᠰᠠᠨ ᠪᠣᠯ ᠲᠡᠳᠡᠨ ᠤ ᠠᠵᠢᠯ ᠣᠯᠵᠤ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠤᠨ ᠬᠢᠷᠢ ᠬᠡᠮ ᠢ ᠨᠢ ᠬᠦᠴᠦᠨ ᠥᠬᠡᠶ ᠪᠣᠯᠭᠠᠬᠤ ᠬᠡᠷᠡᠭᠲᠡᠶ᠃    ᠬᠤᠩ ᠮᠤᠤ ᠪᠠᠯᠭᠠᠰᠤᠨ ᠤ ᠬᠠᠶ ᠴᠧᠩ ᠨᠡᠶᠢᠭᠡᠮ ᠲᠣᠭᠤᠷᠢᠭ ᠤᠨ ᠥᠪᠥᠷ ᠮᠣᠩᠭᠤᠯ ᠤᠨ ᠰᠢ ᠶᠠᠨ ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ  ᠵᠤᠶᠢᠯ ᠳᠤ ᠬᠠᠷᠢᠶᠠᠯᠠᠭᠳᠠᠵᠤ᠂ ᠭᠤᠤᠯᠳᠠᠭᠤ ᠬᠤᠪᠴᠠᠰᠤ ᠬᠤᠨᠠᠷ ᠵᠡᠷᠭᠡ ᠬᠤᠪᠴᠠᠰᠤ ᠬᠤᠨᠠᠷ ᠡᠳ᠋ᠰᠢᠭᠦᠯᠦᠨ  ᠤᠶᠢᠯᠡᠳᠪᠤᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠤᠭᠤᠴᠠᠭᠠᠨ ᠳᠤ ᠲᠣᠰ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠨᠢ ᠣᠶᠢᠷ᠎ᠠ ᠬᠠᠪᠢ ᠶᠢᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠣᠯᠭᠤᠯᠲᠠ ᠶᠢ ᠳᠠᠶᠢᠴᠢᠯᠠᠵᠤ᠂ ᠠᠰᠢᠭ ᠣᠷᠣᠯᠭ᠎ᠠ ᠶᠢ ᠨᠡᠮᠡᠭᠳᠡᠭᠦᠯᠦᠨ᠂ ᠨᠡᠯᠢᠶᠡᠳ ᠶᠡᠭᠡ  ᠤᠶᠢᠯᠡᠳᠤᠯ ᠦᠵᠡᠭᠦᠯᠪᠡ᠃ ᠲᠣᠰ ᠦᠢᠯᠡᠳᠪᠦᠷᠢ ᠶᠢᠨ ᠲᠠᠰᠤᠭ ᠨᠢ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠡᠯ᠎ᠡ ᠱᠠᠲᠤᠨ ᠤ ᠡᠳ᠋ ᠤᠨ ᠵᠠᠰᠠᠭ ᠤᠨ ᠲᠡᠳᠬᠦᠨ ᠳᠡᠮᠵᠢᠬᠦ ᠪᠠᠯᠠ ᠮᠥᠩᠭᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ ᠶᠢ ᠬᠡᠷᠡᠭᠯᠡᠵᠦ ᠥᠩᠭᠡᠷᠡᠭᠰᠡᠨ ᠥᠬᠡᠶ᠂ ᠶᠠᠳᠠᠭᠤ ᠶᠢ ᠲᠡᠳᠬᠦᠬᠦ ᠡᠳ᠋ ᠬᠥᠷᠥᠩᠭᠡ ᠪᠣᠶ ᠪᠣᠯᠤᠭᠰᠠᠨ ᠥᠬᠡᠶ᠃ ᠣᠳᠣᠬᠠᠨ ᠳᠤ ᠲᠣᠰ ᠠᠵᠤ ᠠᠬᠤᠶᠢᠯᠠᠯ ᠨᠢ ᠡᠵᠡᠩᠨᠡᠯᠲᠡ ᠮᠠᠭᠤ᠂ ᠦᠢᠯᠡᠳᠪᠦᠷᠢ ᠶᠢᠨ ᠲᠠᠰᠤᠭ ᠤᠨ ᠬᠡᠪ ᠤᠨ ᠶᠣᠰᠣᠭᠠᠷ ᠠᠵᠢᠯᠯᠠᠬᠤ ᠶᠢ ᠪᠠᠲᠤᠯᠠᠬᠤ ᠶᠢᠨ ᠠᠷᠭ᠎ᠠ ᠥᠬᠡᠶ᠂ ᠨᠢᠭᠡᠨᠲᠡ ᠠᠵᠢᠯ ᠢᠶᠠᠨ ᠵᠣᠭᠰᠣᠭᠠᠭᠰᠠᠨ ᠪᠠ ᠬᠠᠭᠠᠰ ᠵᠢᠯ ᠠᠴᠠ ᠳᠡᠭᠡᠭᠰᠢ ᠵᠣᠭᠰᠣᠭᠠᠭᠰᠠᠨ ᠪᠣᠯᠬᠤᠷ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠭᠠᠭᠤᠯᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠠᠭᠠᠰᠬᠠᠬᠤ ᠬᠠᠷᠢᠭᠤᠴᠠᠯᠭ᠎ᠠ ᠪᠠᠨ ᠦᠷᠭᠦᠯᠵᠢᠯᠡᠨ ᠭᠦᠶ᠋ᠴᠡᠳᠬᠡᠬᠦ ᠶᠢᠨ ᠠᠷᠭ᠎ᠠ ᠥᠬᠡᠶ ᠪᠠᠶᠢᠨ᠎ᠠ᠃ ᠯᠢᠶᠠᠩᠴᠧᠩ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠ ᠯᠢᠶᠠᠩᠴᠧᠩ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠰᠤᠳᠤᠯᠤᠨ ᠲᠣᠭᠲᠠᠭᠠᠵᠤ᠂ ᠬᠤᠩ ᠮᠤᠤ ᠪᠠᠯᠭᠠᠰᠤᠨ ᠤ ᠬᠠᠶ ᠴᠧᠩ ᠨᠡᠶᠢᠭᠡᠮ ᠲᠣᠭᠤᠷᠢᠭ ᠤᠨ ᠥᠪᠥᠷ ᠮᠣᠩᠭᠤᠯ ᠤᠨ ᠰᠢ ᠶᠠᠨ ᠶᠠᠳᠠᠭᠤ ᠠᠴᠠ ᠠᠩᠭᠢᠵᠢᠷᠠᠭᠤᠯᠬᠤ ᠦᠢᠯᠡᠳᠪᠦᠷᠢ ᠶᠢᠨ ᠲᠠᠰᠤᠭ ᠤᠨ ᠬᠢᠷᠢ ᠬᠡᠮ ᠢ ᠬᠦᠴᠦᠨ ᠥᠬᠡᠶ ᠪᠣᠯᠭᠠᠬᠤ ᠪᠠᠷ ᠲᠣᠭᠲᠠᠭᠠᠵᠤ᠂ ᠵᠠᠷᠯᠠᠨ ᠨᠡᠶᠢᠲᠡᠯᠡᠨ᠎ᠡ᠃ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠠᠶᠢᠵᠤ᠂ ᠬᠡᠷᠪᠡ ᠡᠭᠦᠨ ᠳᠤ ᠣᠨᠳᠣᠤ ᠰᠠᠨᠠᠯ ᠲᠠᠢ ᠪᠠᠶᠢᠪᠠᠯ᠂ ᠢᠯᠡ ᠨᠡᠶᠢᠲᠡᠯᠡᠬᠦ ᠬᠤᠭᠤᠴᠠᠭᠠᠨ ᠳᠤ ᠰᠠᠨᠠᠯ ᠢᠶᠠᠨ ᠳᠤᠷᠠᠳᠬᠤ ᠬᠡᠷᠡᠭᠲᠡᠶ᠃    ᠢᠯᠡ ᠨᠡᠶᠢᠲᠡᠯᠡᠬᠦ ᠴᠠᠭ᠄ 2024 ᠣᠨ ᠤ 10 ᠰᠠᠷ᠎ᠠ ᠶᠢᠨ 10᠎ ᠤ ᠡᠳᠦᠷ ᠠᠴᠠ 15᠎ ᠤ ᠡᠳᠦᠷ    ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0474 - 4201488            ᠯᠢᠶᠠᠩᠴᠧᠩ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ                        ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ             ᠯᠢᠶᠠᠩᠴᠧᠩ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ                                 ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ                  2024 ᠣᠨ ᠤ 10 ᠰᠠᠷ᠎ᠠ ᠶᠢᠨ 10᠎ ᠤ ᠡᠳᠦᠷ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2