ᠯᠢᠶᠠᠩᠴᠧᠩ ᠰᠢᠶᠠᠨ᠄ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠴᠠᠭ ᠲᠤᠬᠠᠶ ᠳᠤᠨᠢ ᠰᠢᠯᠵᠢᠭᠦᠯᠦᠨ ᠲᠡᠭᠡᠭᠡᠪᠦᠷᠢᠯᠡᠵᠦ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠨ᠎ᠠ
ᠨᠡᠶᠢᠲᠡᠯᠡᠭᠰᠡᠨ ᠴᠠᠭ᠄
2024/10/11
   ᠣᠯᠠᠨ ᠲᠦᠮᠡᠨ ᠤ ᠳᠤᠯᠠᠭᠠᠨ ᠡᠪᠦᠯᠵᠢᠬᠦ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠯᠢᠶᠠᠩᠴᠧᠩ ᠰᠢᠶᠠᠨ ᠢᠳᠡᠪᠬᠢᠲᠡᠶ ᠬᠥᠳᠡᠯᠦᠯᠴᠡᠵᠦ᠂ ᠴᠠᠭ ᠲᠤᠬᠠᠶ ᠳᠤᠨᠢ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠰᠢᠯᠵᠢᠭᠦᠯᠦᠨ ᠵᠥᠭᠡᠭᠡᠪᠦᠷᠢᠯᠡᠵᠦ᠂ ᠬᠠᠶᠢᠷ᠎ᠠ ᠬᠠᠯᠠᠮᠵᠢ ᠶᠢ ᠮᠠᠯᠴᠢᠨ ᠲᠠᠷᠢᠶᠠᠴᠢᠨ ᠨᠢᠭᠡᠪᠦᠷᠢ ᠳᠤ ᠦᠨᠡᠨ ᠬᠦ ᠬᠦᠷᠭᠡᠪᠡ᠃
      ᠣᠶᠢᠷ᠎ᠠ ᠶᠢᠨ ᠡᠳᠦᠷ ᠤᠳ ᠲᠤ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠳᠦᠭᠦᠷᠲᠡᠯ᠎ᠡ ᠲᠡᠭᠡᠭᠡᠭᠰᠡᠨ ᠲᠣᠮᠣ ᠬᠡᠯᠪᠡᠷᠢ ᠶᠢᠨ ᠲᠡᠷᠭᠡ ᠵᠠᠯᠭᠠᠭ᠎ᠠ ᠪᠠᠷ ᠯᠢᠶᠠᠩᠴᠧᠩ ᠰᠢᠶᠠᠨ ᠤ ᠡᠯ᠎ᠡ ᠰᠢᠶᠠᠩ ᠪᠠᠯᠭᠠᠰᠤᠨ ᠤ ᠵᠢᠭᠠᠨ ᠲᠣᠭᠲᠠᠭᠠᠭᠰᠠᠨ ᠲᠠᠷᠬᠠᠭᠠᠬᠤ ᠴᠡᠭ ᠲᠤ ᠬᠦᠷᠴᠦ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠺᠠᠳ᠋ᠷ ᠪᠥᠬᠦ ᠶᠠᠪᠤᠴᠠ ᠳᠤ ᠳᠠᠭᠠᠵᠤ᠂ ᠠᠷᠠᠳ ᠤᠨ ᠠᠮᠢᠳᠤᠷᠠᠯ ᠤᠨ ᠳᠤᠯᠠᠭᠠᠯᠠᠭ᠎ᠠ ᠶᠢᠨ ᠨᠡᠭᠦᠷᠡᠰᠦ ᠶᠢ ᠴᠠᠭ ᠲᠤᠬᠠᠶ ᠳᠤᠨᠢ ᠣᠨᠣᠪᠴᠢᠲᠠᠶ ᠣᠯᠭᠤᠬᠤ ᠶᠢ ᠪᠠᠲᠤᠯᠠᠪᠠ᠃ ᠬᠤᠩ ᠮᠤᠤ ᠪᠠᠯᠭᠠᠰᠤᠨ ᠤ ᠵᠢᠩ ᠭᠸᠦ ᠲᠣᠰᠬᠤᠨ ᠳᠤ᠂ ᠨᠡᠭᠦᠷᠡᠰᠦ ᠲᠡᠭᠡᠭᠡᠬᠦ ᠲᠡᠷᠭᠡ ᠶᠠᠭ ᠴᠠᠭ ᠲᠠᠭᠠᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠲᠠᠷᠬᠠᠭᠠᠬᠤ ᠴᠡᠭ ᠲᠤ ᠬᠦᠷᠴᠦ᠂ ᠴᠢᠮᠡᠭᠡ ᠶᠢ ᠰᠣᠨᠣᠰᠤᠭᠠᠳ ᠢᠷᠡᠭᠰᠡᠨ ᠲᠣᠰᠬᠤᠨ ᠤ ᠠᠷᠠᠳ ᠥᠪᠡᠷ ᠤᠨ ᠭᠤᠷᠪᠠᠨ ᠬᠦᠷᠳᠦᠲᠦ ᠲᠡᠷᠭᠡ᠂ ᠳᠥᠷᠪᠡᠨ ᠬᠦᠷᠳᠦᠲᠦ ᠲᠡᠷᠭᠡ ᠶᠢ ᠵᠢᠯᠣᠭᠤᠳᠴᠤ ᠬᠠᠯᠠᠭᠤᠨ ᠳᠤᠯᠠᠭᠠᠨ ᠨᠡᠭᠦᠷᠡᠰᠦ ᠠᠪᠴᠤ᠂ ᠲᠠᠷᠬᠠᠭᠠᠬᠤ ᠲᠤᠬᠠᠶ ᠶᠢᠨ ᠲᠠᠯᠠᠪᠠᠶ ᠡᠮᠬᠢ ᠳᠢᠭᠯᠢᠮ ᠲᠠᠢ ᠪᠠᠶᠢᠵᠤ᠂ ᠲᠣᠰᠬᠤᠨ ᠤ ᠠᠷᠠᠳ ᠳᠡᠰ ᠳᠠᠷᠠᠭᠠᠯᠠᠯ ᠢᠶᠠᠷ ᠢᠶᠠᠨ ᠬᠦᠨᠳᠦ ᠶᠢ ᠬᠡᠮᠵᠢᠵᠦ᠂ ᠲᠡᠷᠭᠡᠨ ᠳᠤ ᠲᠡᠭᠡᠭᠡᠪᠡ᠃ ᠵᠢᠩ ᠭᠸᠦ ᠲᠤᠰᠬᠤᠨ ᠤ ᠠᠷᠠᠳ ᠰᠦᠨ ᠡᠷᠬᠡ ᠲᠠᠢ    ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠨᠡᠯᠢᠶᠡᠳ ᠰᠠᠶᠢᠨ ᠪᠠᠶᠢᠵᠤ᠂ ᠬᠠᠯᠠᠭᠤᠨ ᠳᠤᠯᠠᠭᠠᠨ ᠨᠡᠭᠦᠷᠡᠰᠦ ᠶᠢ ᠬᠡᠷ ᠤᠨ ᠡᠭᠦᠳᠡᠨ ᠳᠤ ᠬᠦᠷᠭᠡᠵᠦ᠂ ᠨᠡᠭᠦᠷᠡᠰᠦᠲᠥ᠋ᠷᠥᠭᠴᠢ ᠶᠢᠨ ᠦᠨ᠎ᠡ ᠨᠡᠯᠢᠶᠡᠳ ᠳᠣᠤᠷ᠎ᠠ ᠪᠠᠶᠢᠵᠤ᠂ ᠵᠠᠬ᠎ᠠ ᠳᠡᠯᠭᠡᠭᠦᠷ ᠤᠨ ᠦᠨ᠎ᠡ ᠠᠴᠠ ᠳᠣᠤᠷ᠎ᠠ ᠪᠠᠶᠢᠨ᠎ᠠ᠃    ᠯᠢᠶᠠᠩᠴᠧᠩ ᠰᠢᠶᠠᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠢᠨᠵᠧᠨᠧᠷᠢᠩ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠤᠷᠢᠳᠴᠢᠯᠠᠨ ᠲᠥᠯᠥᠪᠵᠢᠭᠦᠯᠦᠨ ᠪᠠᠶᠢᠷᠢᠯᠠᠭᠤᠯᠵᠤ᠂ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠤᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠬᠤᠳᠠᠯᠳᠤᠨ ᠠᠪᠬᠤ᠂ ᠲᠡᠭᠡᠭᠡᠪᠦᠷᠢᠯᠡᠬᠦ᠂ ᠠᠴᠢᠶ᠎ᠠ ᠪᠠᠭᠤᠯᠭᠠᠬᠤ ᠪᠥᠬᠦ ᠶᠠᠪᠤᠴᠠ ᠶᠢ ᠴᠢᠩᠭ᠎ᠠ ᠠᠩᠬᠠᠷᠴᠤ᠂ ᠪᠠᠶᠢᠳᠠᠯ ᠢ ᠣᠶᠢᠯᠠᠭᠠᠵᠤ ᠪᠦᠷᠢᠳᠬᠡᠬᠦ᠂ ᠵᠣᠬᠢᠴᠠᠭᠤᠯᠤᠨ ᠨᠡᠪᠲᠡᠷᠡᠯᠴᠡᠬᠦ᠂ ᠨᠡᠭᠦᠷᠡᠰᠦ ᠲᠣᠬᠢᠷᠠᠭᠤᠯᠤᠨ ᠬᠦᠷᠭᠡᠬᠦ᠂ ᠤᠬᠠᠭᠤᠯᠭ᠎ᠠ ᠶᠢᠨ ᠪᠠᠲᠤᠯᠠᠭ᠎ᠠ ᠵᠡᠷᠭᠡ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠰᠠᠨᠠᠭ᠎ᠠ ᠵᠣᠪᠠᠭ᠋ᠤ ᠥᠬᠡᠶ ᠪᠠᠶᠢᠬᠤ ᠶᠢ ᠦᠨᠡᠨᠬᠦ ᠪᠠᠲᠤᠯᠠᠪᠠ᠃ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠵᠣᠣ ᠵᠢᠶᠠᠨ ᠭᠠᠩ ᠪᠥᠬᠦ ᠰᠢᠶᠠᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠬᠡᠷᠡᠭᠴᠡᠭᠡ ᠶᠢ ᠪᠠᠲᠤᠯᠠᠬᠤ ᠶᠢᠨ ᠲᠥᠯᠥᠭᠡ᠂ ᠯᠢᠶᠠᠩᠴᠧᠩ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠩᠭᠠᠯᠭ᠎ᠠ ᠶᠢ ᠪᠠᠲᠤᠯᠠᠬᠤ ᠨᠡᠭᠦᠷᠡᠰᠦ ᠶᠢ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠢᠳᠡᠪᠬᠢᠲᠡᠶ ᠵᠣᠬᠢᠴᠠᠭᠤᠯᠵᠤ᠂ ᠰᠢᠲᠠᠭᠠᠯᠭ᠎ᠠ ᠶᠢᠨ ᠨᠡᠭᠦᠷᠡᠰᠦᠨ ᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ 9 ᠰᠠᠷ᠎ᠠ ᠶᠢᠨ 20 ᠤ ᠡᠳᠦᠷ ᠠᠴᠠ ᠨᠠᠰᠢ᠂ ᠡᠯ᠎ᠡ ᠰᠢᠶᠠᠩ ᠪᠠᠯᠭᠠᠰᠤᠨ ᠤ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠬᠤ ᠳᠤ ᠡᠩ ᠤᠨ ᠦᠨ᠎ᠡ ᠶᠢᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠬᠠᠩᠭᠠᠪᠠ᠃ ᠣᠲᠣ ᠪᠣᠯᠲᠠᠯ᠎ᠠ᠂ ᠡᠯ᠎ᠡ ᠰᠢᠶᠠᠩ ᠪᠠᠯᠭᠠᠰᠤ ᠨᠡᠶᠢᠲᠡ 5100 ᠭᠠᠷᠤᠶ ᠲᠣᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠵᠥᠭᠡᠭᠡᠪᠦᠷᠢᠯᠡᠨ ᠲᠠᠷᠬᠠᠭᠠᠪᠠ᠃                                      ᠨᠠᠶᠢᠷᠠᠭᠤᠯᠤᠭᠴᠢ᠄   ᠶᠠᠩ  ᠿᠦᠢ ᠵᠧᠨ                                      ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2