ᠮᠠᠨ ᠤ ᠰᠢᠶᠠᠨ ᠤ ᠣᠯᠠᠨ ᠰᠠᠯᠠᠭ᠎ᠠ ᠮᠥᠴᠢᠷ ᠬᠠᠮᠲᠤᠷᠠᠨ ᠨᠠᠰᠤᠲᠠᠨ ᠢ ᠬᠠᠯᠠᠮᠵᠢᠯᠠᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/11
   ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠪᠣᠯ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯ ᠪᠠ ᠰᠠᠶᠢᠨ ᠰᠠᠶᠢᠬᠠᠨ ᠰᠤᠷᠲᠠᠯ ᠮᠥᠨ᠂ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠲᠠᠰᠢᠷᠠᠮ ᠳᠤ᠂ ᠮᠠᠨ ᠤ ᠰᠢᠶᠠᠨ ᠤ ᠣᠯᠠᠨ ᠰᠠᠯᠠᠭ᠎ᠠ ᠮᠥᠴᠢᠷ ᠬᠠᠮᠲᠤᠷᠠᠨ ᠨᠠᠰᠤᠲᠠᠨ ᠢᠶᠠᠨ ᠬᠠᠶᠢᠷᠠᠯᠠᠨ ᠬᠠᠯᠠᠮᠵᠢᠯᠠᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃
       10 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ᠂ ᠠᠵᠢᠯᠴᠢᠨ ᠤ ᠶᠡᠷᠦᠩᠬᠡᠢ ᠡᠪᠯᠡᠯ ᠰᠢᠶᠠᠨ ᠤ ᠡᠮᠡᠭᠲᠡᠢ ᠠᠵᠤ ᠠᠬᠤᠶᠢᠯᠠᠯᠲᠠᠨ ᠤ ᠨᠡᠶᠢᠭᠡᠮᠯᠢᠭ ᠵᠡᠷᠭᠡ ᠤᠯᠠᠨ ᠰᠠᠯᠠᠭ᠎ᠠ ᠮᠥᠴᠢᠷ ᠲᠠᠢ ᠬᠠᠮᠲᠤᠷᠠᠨ ᠠᠨ ᠵᠢᠶᠠ ᠢ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ᠂ ᠬᠠᠯᠠᠭᠤᠨ ᠳᠤᠯᠠᠭᠠᠨ ᠪᠥᠭᠡᠳ ᠬᠠᠶᠢᠷ᠎ᠠ ᠰᠡᠳᠬᠢᠯᠭᠡ ᠪᠠᠷ ᠪᠢᠯᠬᠠᠭᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠬᠠᠮᠲᠤᠪᠠᠷ ᠥᠷᠨᠢᠭᠦᠯᠵᠦ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠲᠤ ᠪᠠᠶᠠᠷ ᠤᠨ ᠡᠳᠦᠷ ᠤᠨ ᠬᠠᠶᠢᠷ᠎ᠠ ᠬᠠᠯᠠᠮᠵᠢ ᠶᠢ ᠬᠦᠷᠭᠡᠪᠡ᠃
   ᠠᠵᠢᠯᠲᠠᠳ ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠡᠷᠡᠭᠦᠯ ᠮᠡᠨᠳᠦ ᠶᠢᠨ ᠪᠠᠶᠢᠳᠠᠯ ᠪᠠ ᠠᠮᠢᠳᠤᠷᠠᠯ ᠤᠨ ᠬᠡᠷᠡᠭᠴᠡᠭᠡ ᠶᠢ ᠯᠠᠪᠯᠠᠨ ᠠᠰᠠᠭᠤᠭᠰᠠᠨ ᠪᠥᠭᠡᠳ ᠲᠡᠳᠡᠨ ᠳᠤ ᠪᠠᠶᠠᠷ ᠤᠨ ᠡᠳᠦᠷ ᠤᠨ ᠬᠠᠯᠠᠮᠵᠢᠯᠠᠯ ᠪᠠ ᠲᠣᠬᠤᠨᠢᠭᠤᠯᠬᠤ ᠪᠣᠳᠠᠰ ᠬᠦᠷᠭᠡᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠷᠠᠯ ᠳᠤ ᠣᠷᠣᠯᠴᠠᠭᠰᠠᠳ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠨ ᠢ ᠳᠥᠰᠢᠭᠯᠡᠨ ᠲᠣᠬᠤᠨᠢᠭᠤᠯᠵᠤ᠂ ᠲᠡᠳᠡᠨ ᠤ ᠲᠣᠬᠤᠨᠢᠭᠤᠯᠬᠤ ᠪᠣᠳᠠᠰ ᠢ ᠨᠠᠷᠢᠨ ᠬᠢᠨᠠᠮᠠᠭᠠᠢ ᠵᠥᠭᠡᠭᠡᠪᠦᠷᠢᠯᠡᠵᠦ᠂ ᠬᠢᠮᠤᠰᠤ ᠪᠠᠨ ᠬᠠᠶᠢᠴᠢᠯᠠᠵᠤ᠂ ᠬᠤᠪᠴᠠᠰᠤ ᠬᠤᠨᠠᠷ ᠢᠶᠠᠨ ᠬᠠᠳᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠰᠤᠲᠠᠶᠢᠴᠤᠳ ᠢ ᠬᠠᠯᠠᠮᠵᠢᠯᠠᠨ ᠬᠦᠨᠳᠦᠳᠬᠡᠵᠦ ᠪᠠᠶᠢᠬᠤ ᠪᠠᠨ ᠢᠯᠡᠳᠬᠡᠪᠡ᠃ ᠡᠭᠦᠨ ᠠᠴᠠ ᠭᠠᠳᠠᠨ᠎ᠠ ᠂ ᠠᠵᠢᠯᠲᠠᠳ ᠪᠠᠰᠠ ᠬᠠᠮᠲᠤ ᠪᠠᠷ ᠭᠠᠷ ᠬᠥᠳᠡᠯᠵᠦ᠂ ᠥᠪᠡᠷ ᠤᠨ ᠭᠠᠷ ᠢᠶᠠᠷ ᠢᠶᠠᠨ ᠨᠠᠰᠤᠲᠠᠶᠢᠴᠤᠳ ᠲᠤ ᠨᠢᠭᠡ ᠤᠳᠠᠭᠠᠨ ᠤ ᠡᠯᠪᠡᠭ ᠳᠡᠯᠪᠡᠭ ᠦᠳᠡ ᠶᠢᠨ ᠬᠤᠭᠤᠯᠠ ᠶᠢ ᠪᠡᠯᠡᠳᠬᠡᠵᠦ᠂ ᠥᠨᠳᠡᠭᠡ ᠲᠠᠢ ᠪᠣᠭᠤᠷᠰᠤᠭ ᠢᠶᠠᠨ ᠬᠡᠷᠴᠢᠨ ᠥᠭᠴᠦ᠂ ᠪᠠᠶᠠᠷ ᠤᠨ ᠡᠳᠦᠷ ᠤᠨ ᠪᠠᠶᠠᠷ ᠪᠠᠭ᠋ᠠᠳᠤᠯ ᠢ ᠬᠠᠮᠲᠤ ᠪᠠᠷ ᠬᠤᠪᠢᠶᠠᠯᠴᠠᠪᠠ᠃
   ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠤᠭᠰᠠᠨ ᠪᠥᠭᠡᠳ ᠨᠠᠩ ᠴᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠢᠯᠡᠷᠡᠭᠦᠯᠦᠭᠰᠡᠨ ᠪᠠᠶᠢᠨ᠎ᠠ᠃ ᠠᠨ ᠵᠢᠶᠠ ᠢ ᠨᠠᠰᠤᠲᠠᠨ ᠢ ᠠᠰᠠᠷᠠᠬᠤ ᠭᠠᠵᠠᠷ ᠤᠨ ᠨᠠᠰᠤᠲᠠᠨ ᠭᠦᠸᠧ ᠹᠧᠨ
      ᠥᠨᠥᠳᠦᠷ ᠪᠣᠯ ᠶᠢᠰᠦᠨ ᠰᠠᠷ᠎ᠠ ᠶᠢᠨ ᠶᠢᠰᠦᠨ ᠤ ᠪᠠᠶᠠᠷ᠂ ᠮᠠᠨ ᠤ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠪᠦᠷ ᠮᠠᠰᠢ ᠪᠠᠶᠠᠷᠯᠠᠵᠤ᠂ ᠨᠠᠰᠤᠲᠠᠨ ᠢ ᠠᠰᠠᠷᠠᠬᠤ ᠬᠦᠷᠢᠶᠡᠯᠡᠩ ᠳᠤ ᠰᠠᠶᠢᠨ ᠢᠳᠡᠵᠦ᠂ ᠰᠠᠶᠢᠨ ᠤᠤᠭᠤᠨ᠂ ᠰᠠᠶᠢᠨ ᠰᠠᠭᠤᠵᠤ ᠪᠠᠶᠢᠨ᠎ᠠ᠂ ᠰᠡᠳᠬᠢᠯ ᠮᠠᠰᠢ ᠠᠭᠤᠵᠢᠷᠠᠵᠤ᠂ ᠤᠳᠤᠷᠢᠳᠤᠯᠭ᠎ᠠ ᠪᠣᠯᠤᠨ ᠠᠵᠢᠯᠲᠠᠳ ᠪᠢᠳᠡᠨ ᠢ ᠬᠠᠯᠠᠮᠵᠢᠯᠠᠨ ᠬᠠᠶᠢᠷᠠᠯᠠᠵᠤ ᠪᠠᠶᠢᠭ᠎ᠠ ᠳᠤ ᠲᠠᠯᠠᠷᠬᠠᠵᠤ ᠪᠠᠶᠢᠨ᠎ᠠ᠃
     ᠲᠤᠰ ᠡᠳᠦᠷ᠂ ᠯᠢᠶᠠᠩᠴᠧᠩ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠡᠳᠦᠷ ᠤᠨ ᠡᠷᠡᠭᠦᠯ ᠮᠡᠨᠳᠦ ᠪᠠᠷ ᠠᠭᠤᠯᠠ ᠠᠪᠠᠷᠢᠬᠤ ᠠᠶᠠᠯᠠᠯ︾ ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠯᠠᠭ᠎ᠠ ᠶᠢᠨ ᠳᠤᠮᠳᠠ᠂ ᠠᠵᠢᠯᠲᠠᠳ ᠣᠲᠣ ᠶᠢᠨ ᠬᠡᠷᠡᠭᠵᠢᠭᠦᠯᠵᠦ ᠪᠠᠶᠢᠭ᠎ᠠ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠤᠬᠠᠶ ᠣᠯᠠᠨ ᠲᠦᠮᠡᠨ ᠳᠤ ᠤᠬᠠᠭᠤᠯᠭ᠎ᠠ ᠬᠢᠵᠡᠶ᠃                                    ᠨᠠᠶᠢᠷᠠᠭᠤᠯᠤᠭᠴᠢ᠄   ᠶᠠᠩ  ᠿᠦᠢ ᠵᠧᠨ                                    ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2