ᠮᠠᠨ ᠤ ᠰᠢᠶᠠᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠬᠠᠮᠲᠤ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/14
  ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠬᠦ ᠶᠢᠨ ᠲᠥᠯᠥᠭᠡ  ᠂ 10 ᠰᠠᠷ᠎ᠠ ᠶᠢᠨ 12 ᠤᠨ ᠡᠳᠦᠷ᠂ ᠮᠠᠨ ᠤ ᠰᠢᠶᠠᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠬᠠᠮᠲᠤ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠤᠷᠠᠯ ᠢ ᠡᠷᠬᠢᠯᠡᠪᠡ᠃    ᠯᠢᠦ ᠶᠢᠨ ᠲᠤᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠨᠠᠮ ᠤᠨ ᠲᠣᠭᠲᠠᠭᠠᠯ ᠢ ᠦᠨᠡᠨ ᠬᠦ ᠤᠶᠤᠨ ᠲᠠᠷᠢᠬᠢᠨ ᠳᠠᠭᠠᠨ ᠰᠡᠶᠢᠯᠵᠦ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠬᠦ᠂ ᠬᠤᠷᠢᠭ᠎ᠠ ᠱᠤᠭᠤᠮ ᠢ ᠰᠠᠬᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠤᠳᠤᠷᠢᠳᠬᠤ ᠪᠠᠭ ᠤᠨ ᠪᠦᠷᠢᠯᠳᠦᠬᠦᠨ ᠢ ᠰᠢᠮᠳᠠᠭᠤᠯᠤᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠶᠢᠳᠠᠪᠤᠷᠢᠵᠢᠭᠤᠯᠵᠤ᠂ ᠦᠵᠡᠯ ᠰᠠᠨᠠᠭᠠᠨ ᠤ ᠲᠠᠯ᠎ᠠ ᠠᠴᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠬᠤᠯᠠᠴᠢᠯᠠᠵᠤ᠂ ᠪᠣᠳᠠᠲᠠᠢ ᠠᠵᠢᠯ ᠤᠨ ᠳᠤᠮᠳᠠ ᠠᠴᠠ ᠰᠤᠷᠲᠠᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢ ᠲᠦᠷᠦᠭᠦᠯᠡᠨ ᠬᠡᠷᠡᠭᠵᠢᠭᠦᠯᠵᠦ᠂ ᠨᠠᠮ ᠤᠨ ᠲᠦᠷᠢᠮ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠥᠪᠡᠷ ᠢ ᠪᠠᠨ ᠱᠠᠭᠠᠷᠳᠠᠵᠤ᠂ ᠵᠠᠭᠠᠭ ᠬᠢᠵᠠᠭᠠᠷ ᠢ ᠣᠶᠢᠯᠠᠭᠠᠵᠤ᠂ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠶᠣᠰᠣ ᠲᠦᠷᠢᠮ ᠢ ᠰᠠᠬᠢᠵᠤ᠂ ᠪᠤᠰᠤᠳ ᠱᠠᠭᠠᠷᠳᠠᠯᠭ᠎ᠠ ᠶᠢ ᠪᠡᠶ᠎ᠡ ᠪᠠᠨ ᠪᠠᠷᠢᠬᠤ ᠬᠥᠭᠡᠭᠡᠴᠡᠯᠳᠦᠯ ᠪᠣᠯᠭᠠᠨ ᠬᠤᠪᠢᠷᠠᠭᠤᠯᠬᠤ ᠬᠡᠷᠡᠭᠲᠡᠢ᠃    ᠯᠢᠦ ᠶᠢᠨ ᠲᠤᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ ᠶᠢ ᠪᠠᠷᠢᠮᠲᠠᠯᠠᠵᠤ᠂ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠨᠠᠶᠢᠵᠠ ᠶᠢᠨ ᠬᠦᠷᠢᠶ᠎ᠡ ᠪᠠᠨ ᠴᠡᠪᠡᠷᠰᠢᠭᠦᠯᠵᠦ᠂ ᠵᠢᠵᠢᠭ ᠰᠠᠵᠢᠭ ᠵᠦᠢᠯ ᠢ ᠬᠠᠮᠢᠶᠠᠷᠴᠤ᠂ ᠢᠮᠠᠭᠲᠠ ᠨᠢᠭᠡ ᠵᠦᠢᠯ ᠤᠨ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠥᠭᠡᠳ ᠰᠡᠷᠭᠡᠭ ᠪᠠᠶᠢᠵᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠢᠯᠡᠳᠬᠡᠪᠡ᠃ ᠦᠵᠡᠯ ᠰᠠᠨᠠᠭᠠᠨ ᠤ ᠬᠥᠮᠦᠵᠢᠯ ᠤᠨ ︽ᠭᠠᠷ ᠢᠶᠠᠨ ᠲᠠᠯᠪᠢᠬᠤ ᠦᠭᠡᠢ︾᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ︽ᠭᠠᠷ ᠢᠶᠠᠨ ᠲᠠᠯᠪᠢᠬᠤ ᠦᠭᠡᠢ︾᠂ ᠵᠣᠷᠢᠭᠲᠠᠢ ᠪᠠᠷ ︽ᠠᠪᠴᠢᠬᠤ ᠦᠭᠡᠢ︾ ᠬᠠᠷᠢᠭᠤᠴᠠᠯᠭ᠎ᠠ ᠡᠭᠦᠷᠭᠡᠯᠡᠯ ᠢ ᠴᠢᠩᠭ᠎ᠠ ᠠᠳᠬᠤᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠩ ᠬᠠᠲᠠᠭᠤ ᠴᠢᠩᠭ᠎ᠠ ᠬᠡᠪ ᠴᠢᠨᠠᠷ᠂ ᠨᠡᠩ ᠡᠷᠡᠰ ᠰᠢᠭᠤᠷᠬᠠᠢ ᠣᠪᠣᠷ᠂ ᠨᠡᠩ ᠬᠦᠴᠦᠲᠡᠢ ᠠᠷᠭ᠎ᠠ ᠬᠡᠮᠵᠢᠶ᠎ᠡ᠂ ᠨᠡᠩ ᠯᠠᠪᠳᠠᠭᠤᠨ ᠪᠠᠲᠤᠲᠠᠢ ᠰᠤᠷᠲᠠᠯ ᠢᠶᠠᠷ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠵᠣᠷᠢᠭᠲᠠᠢ ᠪᠠᠷ ᠲᠡᠮᠡᠴᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠮᠠᠨ ᠤ ᠰᠢᠶᠠᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃                             ᠨᠠᠶᠢᠷᠠᠭᠤᠯᠤᠭᠴᠢ᠄   ᠶᠠᠩ  ᠿᠦᠢ ᠵᠧᠨ                             ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2