ᠰᠢᠶᠠᠨ ᠤ ᠵᠠᠰᠠᠭ ᠤᠨ ᠣᠷᠳᠣᠨ ᠤ 2024 ᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠭᠤᠷᠪᠠᠳᠤᠭᠠᠷ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/14
   10 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ 2024 ᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠭᠤᠷᠪᠠᠳᠤᠭᠠᠷ ᠤᠯᠠᠷᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ︽ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠩᠬᠠᠨ ᠤ ᠬᠤᠭᠤᠴᠠᠭᠠᠨ ᠤ ᠠᠵᠢᠯ ᠤᠨ ᠲᠥᠰᠦᠯ︾ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠪᠦᠬᠦ ᠰᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠪᠦᠬᠦ ᠰᠢᠶᠠᠨ ᠤ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠤᠨ ᠡᠭᠦᠷᠭᠡ ᠶᠢ ᠠᠬᠢᠭᠤᠯᠤᠭᠰᠠᠨ ᠪᠠᠶᠢᠳᠠᠯ᠂ ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠯᠢᠶᠠᠩᠴᠧᠩ ᠰᠢᠶᠠᠨ ᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠵᠢᠴᠢ ᠭᠤᠷᠪᠠᠳᠤᠭᠠᠷ ᠤᠯᠠᠷᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠵᠡᠷᠭᠡ ᠪᠠᠶᠢᠳᠠᠯ ᠢ ᠲᠤᠰ ᠲᠤᠰ ᠰᠣᠨᠣᠰᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠬᠤ ᠶᠢᠨ ᠬᠠᠮᠲᠤ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠡᠯ᠎ᠡ ᠵᠦᠢᠯ ᠤᠨ ᠠᠵᠢᠯ ᠢ ᠭᠦᠨᠵᠡᠭᠡᠢ ᠬᠡᠷᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠡᠶᠢᠭᠡᠮ ᠤᠨ ᠲᠣᠭᠲᠠᠭᠤᠨ ᠡᠶ᠎ᠡ ᠵᠣᠬᠢᠴᠠᠯ ᠢ ᠡᠷᠡᠰ ᠬᠠᠮᠠᠭᠠᠯᠠᠬᠤ ᠬᠡᠷᠡᠭᠲᠡᠶ︔ ︽ᠲᠠᠪᠤᠨ ᠶᠡᠭᠡ ᠡᠭᠦᠷᠭᠡ︾ ᠪᠣᠯᠤᠨ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠲᠠᠯ᠎ᠠ ᠪᠠᠷ᠂ ᠯᠠᠪᠳᠠᠭᠤᠨ ᠪᠠᠲᠤᠲᠠᠶ ᠪᠠᠷ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ︔ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠡᠷᠬᠡᠪᠰᠢ ᠨᠠᠷᠢᠨ ᠬᠢᠨᠠᠮᠠᠭᠠᠶ ᠬᠠᠨᠳᠤᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ᠃    ᠬᠤᠷᠠᠯ ᠠᠴᠠ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠲᠣᠬᠢᠷᠠᠭᠤᠯᠬᠤ ᠪᠠ ᠬᠢᠨᠠᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠤᠣᠯᠳᠠᠯᠭ᠎ᠠ ᠲᠠᠢ ᠵᠦᠢᠯᠡᠰ ᠢ ᠲᠦᠯᠬᠢᠨ ᠠᠬᠢᠭᠤᠯᠬᠤ ᠪᠠ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠬᠦᠴᠦᠲᠡᠢ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠬᠡᠷᠡᠭᠲᠡᠢ᠃    ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ︾ ᠶᠢ ᠬᠠᠮᠲᠤ ᠪᠠᠷ ᠰᠤᠷᠤᠯᠴᠠᠪᠠ᠃ ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                         ᠨᠠᠶᠢᠷᠠᠭᠤᠯᠤᠭᠴᠢ᠄   ᠴᠧᠨ ᠰᠢᠶᠤᠤ ᠵᠢᠤᠸᠠᠨ                                         ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2