ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 25 ᠳ᠋ᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/14
 10 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 25 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠵᠡᠷᠭᠡ ᠶᠢ ᠬᠢᠨᠠᠨ ᠵᠥᠪᠯᠡᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠵᠢᠴᠢ ᠰᠢᠶᠠᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠤᠤ ᠷᠦᠢ ᠰᠤᠯᠠ ᠣᠷᠣᠯᠴᠠᠪᠠ᠃    ᠬᠤᠷᠠᠯ ᠠᠴᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠰᠠᠶᠢᠲᠤᠷ ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠵᠦ᠂ ᠰᠠᠶᠢᠲᠤᠷ ᠠᠵᠢᠯᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠳᠠᠪᠠᠭᠤᠯᠢᠭ ᠢ ᠦᠨᠡᠨ ᠬᠦ ᠬᠥᠭᠵᠢᠯᠲᠡ ᠶᠢᠨ ᠳᠠᠪᠠᠭᠤᠯᠢᠭ ᠪᠠ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠠᠬᠢᠭᠤᠯᠵᠤ᠂ ︽ᠲᠠᠪᠤᠨ ᠬᠦᠴᠦᠷᠬᠡᠭ ᠰᠢᠶᠠᠨ︾ ᠢ ᠪᠦᠳᠦᠭᠡᠨ ᠪᠠᠶᠢᠭᠤᠯᠬᠤ ᠳᠤ ᠪᠠᠲᠤ ᠴᠢᠩᠭ᠎ᠠ ᠲᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ᠃ ︽ᠠᠷᠪᠠ ᠶᠢ ᠪᠠᠷᠢᠮᠲᠠᠯᠠᠬᠤ︾ ᠡᠯᠪᠡᠭ ᠪᠠᠶᠠᠯᠢᠭ ᠠᠭᠤᠯᠤᠭᠳᠠᠬᠤᠨ ᠢ ᠭᠦᠨᠵᠡᠭᠡᠢ ᠤᠢᠢᠯᠠᠭᠠᠨ ᠡᠵᠡᠮᠰᠢᠵᠦ᠂ ᠪᠦᠯᠬᠦᠮᠳᠡᠯ ᠪᠠ ᠠᠷᠠᠳᠴᠢᠯᠠᠯ ᠭᠡᠬᠦ ᠬᠤᠶᠠᠷ ᠶᠡᠭᠡ ᠭᠤᠣᠯ ᠰᠡᠳᠦᠪ ᠢ ᠪᠠᠲᠤ ᠡᠵᠡᠮᠳᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯ ᠢ ᠡᠷᠡᠰ ᠭᠤᠶᠢᠪᠢᠰᠢ ᠦᠭᠡᠢ ᠪᠠᠷ ᠰᠠᠶᠢᠲᠤᠷ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠢ ᠰᠠᠶᠢᠲᠤᠷ ᠬᠥᠭᠵᠢᠭᠦᠯᠬᠦ ᠬᠡᠷᠡᠭᠲᠡᠢ᠃ ᠮᠠᠨ ᠤ ᠰᠢᠶᠠᠨ ᠤ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ︽ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠤᠯᠠᠮ ᠴᠢᠨᠠᠭᠰᠢᠳᠠ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠢ ᠭᠦᠢᠴᠡᠳ ᠰᠠᠶᠢᠲᠤᠷ ᠠᠮᠢᠳᠤᠯᠢᠭ ᠢᠶᠠᠷ ᠬᠡᠷᠡᠭᠯᠡᠵᠦ᠂ ᠢᠳᠡᠪᠬᠢᠲᠡᠢ ᠪᠠᠷ ᠲᠦᠷᠦ ᠶᠢᠨ ᠪᠤᠳᠤᠯᠭ᠎ᠠ᠂ ᠲᠦᠷᠦᠯ ᠵᠦᠢᠯ ᠠᠪᠴᠤ᠂ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠯᠢᠶᠠᠩᠴᠧᠩ ᠤᠨ ᠦᠢᠯᠡᠳᠦᠯᠭᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠬᠡᠯᠪᠡᠷᠢᠴᠢ ᠦᠵᠡᠯ ᠢ ᠶᠡᠭᠡ ᠪᠠᠷ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠲᠠᠰᠤᠷᠠᠯᠳᠠ ᠦᠭᠡᠢ ᠬᠥᠩᠭᠡᠷᠡᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃    ᠬᠤᠷᠠᠯ ᠠᠴᠠ᠂ ᠨᠠᠮᠤᠷ ᠤᠨ ᠬᠤᠷᠢᠶᠠᠯᠲᠠ ᠶᠢᠨ ᠠᠵᠢᠯ ᠢ ᠦᠨᠡᠨᠬᠦ ᠰᠠᠶᠢᠲᠤᠷ ᠠᠳᠬᠤᠵᠤ᠂ ᠲᠠᠷᠢᠶᠠᠯᠠᠩ ᠤᠨ ᠨᠥᠬᠦᠪᠥᠷᠢ ᠶᠢᠨ ᠨᠠᠷᠢᠯᠢᠭ ᠣᠨᠣᠪᠴᠢᠲᠤ ᠴᠢᠨᠠᠷ᠂ ᠪᠣᠳᠠᠲᠤ ᠦᠷ᠎ᠡ ᠪᠦᠳᠦᠮᠵᠢᠳᠦ ᠴᠢᠨᠠᠷ ᠢ ᠳᠡᠭᠡᠭᠰᠢᠯᠡᠭᠦᠯᠵᠦ᠂ ᠨᠥᠬᠦᠪᠥᠷᠢᠯᠡᠪᠡᠰᠦ ᠵᠣᠬᠢᠬᠤ ᠶᠢ ᠨᠢ ᠪᠦᠬᠦᠨ ᠢ ᠨᠥᠬᠦᠪᠥᠷᠢᠯᠡᠵᠦ᠂ ᠡᠷᠲᠡᠬᠡᠨ ᠡᠷᠲᠡᠬᠡᠨ ᠨᠥᠬᠦᠪᠥᠷᠢᠯᠡᠬᠦ ᠶᠢ ᠪᠡᠶᠡᠯᠡᠭᠦᠯᠵᠦ᠂ ᠨᠥᠬᠦᠪᠥᠷᠢ ᠶᠢ ᠵᠠᠩᠭᠢᠯᠠᠭ᠎ᠠ ᠶᠢᠨ ᠭᠠᠵᠠᠷ ᠲᠤ ᠬᠡᠷᠡᠭᠯᠡᠬᠦ ᠶᠢ ᠪᠠᠲᠤᠯᠠᠵᠤ᠂ ᠲᠠᠷᠢᠶᠠᠴᠢᠳ ᠤᠨ ᠦᠢᠯᠡᠳᠪᠦᠷᠢᠯᠡᠯ ᠤᠨ ᠣᠷᠣᠭᠤᠯᠤᠯᠲᠠ ᠶᠢᠨ ᠢᠳᠡᠪᠬᠢᠵᠢᠯ ᠢ ᠪᠦᠲᠦᠮᠵᠢᠲᠡᠶ ᠳᠠᠶᠢᠴᠢᠯᠠᠬᠤ ᠬᠡᠷᠡᠭᠲᠡᠶ᠃ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠢᠳᠡᠪᠬᠢᠲᠡᠶ ᠥᠷᠨᠢᠭᠦᠯᠵᠦ᠂ ᠠᠮᠤ ᠪᠤᠳᠠᠭ᠎ᠠ ᠬᠤᠳᠠᠯᠳᠤᠨ ᠠᠪᠬᠤ ᠨᠠᠭᠠᠳᠤ ᠵᠠᠬ᠎ᠠ ᠶᠢᠨ ᠦᠨ᠎ᠡ ᠶᠢᠨ ᠲᠥᠷᠥ ᠶᠢᠨ ᠪᠣᠳᠣᠯᠭ᠎ᠠ ᠶᠢᠨ ᠰᠠᠭᠤᠷᠢ ᠶᠢ ᠪᠠᠲᠤᠯᠠᠬᠤ ᠦᠢᠯᠡᠳᠦᠯ ᠪᠣᠯᠤᠨ ᠨᠥᠭᠡᠴᠡᠯᠡᠬᠦ ᠠᠮᠤ ᠪᠤᠳᠠᠭ᠎ᠠ ᠣᠷᠣᠭᠤᠯᠵᠤ ᠭᠠᠷᠭᠠᠬᠤ ᠶᠢᠨ ᠬᠠᠩᠭᠠᠯᠭ᠎ᠠ ᠬᠡᠷᠡᠭᠴᠡᠭᠡ ᠶᠢ ᠲᠣᠬᠢᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠤ ᠪᠤᠳᠠᠭᠠᠨ ᠤ ᠦᠨ᠎ᠡ ᠬᠠᠩᠰᠢ ᠶᠢ ᠵᠦᠢ ᠵᠣᠬᠢᠰᠲᠠᠶ ᠬᠢᠷᠢ ᠬᠡᠮᠵᠢᠶ᠎ᠡ ᠳᠤ ᠲᠣᠭᠲᠠᠭᠤᠨ ᠪᠠᠶᠢᠯᠭᠠᠬᠤ ᠶᠢ ᠪᠠᠲᠤᠯᠠᠬᠤ ᠬᠡᠷᠡᠭᠲᠡᠶ᠃                                     ᠨᠠᠶᠢᠷᠠᠭᠤᠯᠤᠭᠴᠢ᠄   ᠶᠠᠩ  ᠿᠦᠢ ᠵᠧᠨ                                     ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2