ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/15
   10 ᠰᠠᠷ᠎ᠠ ᠶᠢᠨ 15 ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯ ᠬᠤᠷᠠᠯᠳᠤᠪᠠ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠤᠤ ᠷᠦᠢ ᠬᠤᠷᠠᠯ ᠡᠷᠬᠢᠯᠡᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠰᠢᠤᠢ ᠸᠧᠨ ᠺᠠᠢ ᠰᠤᠯᠠ ᠣᠷᠣᠯᠴᠠᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠢ ᠵᠢᠢ ᠴᠢᠩ ᠤᠷᠢᠯᠭ᠎ᠠ ᠪᠠᠷ ᠣᠷᠣᠯᠴᠠᠵᠤ᠂ ᠤᠯᠤᠰ ᠲᠦᠷᠦ ᠶᠢᠨ ᠵᠥᠪᠯᠡᠯᠭᠡᠨ ᠤ ᠡᠯ᠎ᠡ ᠳᠡᠳ᠋ ᠲᠡᠷᠢᠭᠦᠯᠡᠭᠴᠢ ᠣᠷᠣᠯᠴᠠᠪᠠ᠃ ᠬᠤᠷᠠᠯ ᠳᠤ ᠣᠷᠣᠯᠴᠠᠬᠤ ᠶᠣᠰᠣᠲᠠᠶ ᠬᠥᠮᠦᠨ 27 ᠪᠠᠶᠢᠵᠤ᠂ ᠪᠣᠳᠠᠲᠠᠶ ᠣᠷᠣᠯᠴᠠᠭᠰᠠᠨ ᠨᠢ 22 ᠬᠥᠮᠦᠨ ᠪᠠᠶᠢᠵᠤ᠂ ᠤᠯᠤᠰ ᠲᠥᠷᠥ ᠶᠢᠨ ᠵᠥᠪᠯᠡᠯᠭᠡᠨ ᠤ ᠲᠦᠷᠢᠮ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃    ᠬᠤᠷᠠᠯ ᠠᠴᠠ ︽ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠬᠤᠷᠢᠶ᠎ᠠ ᠶᠢᠨ ᠠᠷᠪᠠᠨ ᠨᠢᠭᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠥᠪᠯᠡᠬᠦ ᠵᠦᠢᠯ︾ ︵ᠲᠥᠰᠦᠯ︶ ᠢ ᠬᠢᠨᠠᠨ ᠵᠥᠪᠯᠡᠵᠦ ᠪᠠᠲᠤᠯᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠵᠤ᠂ ᠬᠤᠷᠠᠯ ᠠᠴᠠ ᠪᠠᠰᠠ ︽ᠠᠵᠠ ᠲᠣᠬᠢᠶᠠᠯ ᠢ ᠡᠵᠡᠮᠳᠡᠵᠦ᠂ ᠰᠢᠨ᠎ᠡ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ︾ ᠶᠢᠨ ᠲᠣᠭᠤᠷᠢᠨ ᠳᠤ ᠲᠤᠰᠬᠠᠢ ᠰᠡᠳᠦᠪᠲᠦ ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠢ ᠵᠥᠪᠯᠡᠯᠭᠡ ᠬᠢᠪᠡ᠃ ᠬᠤᠷᠠᠯ ᠠᠴᠠ᠂ ᠪᠠᠶᠢᠩᠭᠤᠵᠢᠭᠰᠠᠨ ᠰᠤᠷᠤᠯᠴᠠᠯᠭ᠎ᠠ ᠶᠢ ᠦᠷᠭᠦᠯᠵᠢᠯᠡᠨ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠵᠥᠪᠯᠡᠬᠦ ᠠᠷᠠᠳᠴᠢᠯᠠᠯ ᠢ ᠪᠦᠬᠦ ᠲᠠᠯ᠎ᠠ ᠪᠠᠷ ᠬᠥᠭᠵᠢᠭᠦᠯᠬᠦ ᠴᠢᠬᠤᠯᠠ ᠱᠠᠭᠠᠷᠳᠠᠯᠭ᠎ᠠ ᠶᠢ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠭᠠᠷᠭᠠᠭᠰᠠᠨ ᠴᠢᠬᠤᠯᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠵᠥᠪᠯᠡᠬᠦ ᠠᠷᠠᠳᠴᠢᠯᠠᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠠᠵᠢᠯ ᠤᠨ ᠠᠷᠭ᠎ᠠ ᠬᠡᠮᠵᠢᠶ᠎ᠡ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠰᠢᠨ᠎ᠡ ᠡᠨᠧᠷᠭᠢ ᠶᠢᠨ ᠠᠵᠤ ᠦᠢᠯᠡᠰ ᠢ ᠢᠳᠡᠪᠬᠢᠲᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠡᠩ ᠤᠯᠠᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠤᠯᠬᠤ ᠪᠠᠷ ᠴᠢᠷᠮᠠᠶᠢᠵᠤ᠂ ᠲᠡᠷᠢᠭᠦᠨ ᠤ ᠲᠤᠷᠰᠢᠯᠭ᠎ᠠ ᠶᠢ ᠬᠤᠪᠢᠷᠠᠭᠤᠯᠬᠤ ᠪᠠᠷ ᠲᠤᠯᠢ ᠪᠣᠯᠭᠠᠵᠤ᠂ ᠮᠠᠨ ᠤ ᠰᠢᠶᠠᠨ ᠤ ᠡᠨᠧᠷᠭᠢ ᠶᠢᠨ ᠠᠵᠤ ᠦᠢᠯᠡᠰ ᠤᠨ ᠦᠷᠭᠦᠯᠵᠢᠯᠡᠨ ᠬᠥᠭᠵᠢᠬᠦ ᠳᠤ ᠨᠡᠩ ᠤᠯᠠᠨ ᠠᠰᠢᠭᠲᠠᠢ ᠯᠠᠪᠯᠠᠯᠲᠠ ᠬᠠᠩᠭᠠᠬᠤ ᠬᠡᠷᠡᠭᠲᠡᠢ᠃                               ᠨᠠᠶᠢᠷᠠᠭᠤᠯᠤᠭᠴᠢ᠄   ᠴᠧᠨ ᠰᠢᠶᠤᠤ ᠵᠢᠤᠸᠠᠨ                               ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2