ᠯᠢᠶᠠᠩᠴᠧᠩ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠄ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/10/18
  2024 ᠣᠨ ᠳᠤ᠂ ᠮᠠᠨ ᠤ ᠰᠢᠶᠠᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠪᠥᠲᠥᠭᠡᠨ ᠪᠠᠶᠢᠭᠤᠯᠤᠯᠲᠠ ᠶᠢ ᠨᠡᠶᠢᠲᠡ 22536 ᠡᠷᠦᠬᠡ ᠬᠡᠷᠡᠭᠵᠢᠭᠦᠯᠵᠦ᠂ ᠣᠲᠣ ᠪᠣᠯᠲᠠᠯ᠎ᠠ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠲᠥᠬᠦᠭᠡᠷᠦᠮᠵᠢ ᠶᠢ ᠤᠭᠰᠠᠷᠠᠬᠤ ᠪᠠ ᠬᠦᠰᠦᠨᠦᠭᠲᠦ ᠶᠢᠨ ᠠᠷᠤ ᠤᠲᠠᠰᠤ ᠶᠢ ᠵᠠᠯᠭᠠᠵᠤ ᠣᠷᠣᠭᠤᠯᠬᠤ ᠶᠢ ᠨᠢᠭᠡᠨᠲᠡ ᠪᠦᠬᠦᠨ ᠢ ᠤᠭᠰᠠᠷᠠᠵᠤ ᠳᠠᠭᠤᠰᠬᠠᠭᠠᠳ᠂ ᠲᠥᠬᠦᠭᠡᠷᠦᠮᠵᠢ ᠶᠢ ᠲᠣᠬᠢᠷᠠᠭᠤᠯᠤᠨ ᠲᠤᠷᠰᠢᠬᠤ ᠠᠵᠢᠯ ᠢ ᠴᠦ ᠨᠢᠭᠡᠨᠲᠡ ᠪᠦᠬᠦᠨ ᠢ ᠪᠡᠶᠡᠯᠡᠭᠦᠯᠵᠦ᠂ ᠮᠠᠨ ᠤ ᠰᠢᠶᠠᠨ ᠤ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃    ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠢᠨᠵᠧᠨᠧᠷᠢᠩ ᠤᠨ ᠲᠣᠭᠲᠠᠭᠰᠠᠨ ᠴᠠᠭ ᠲᠠᠭᠠᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠠᠵᠢᠯ ᠳᠠᠭᠤᠰᠬᠠᠬᠤ ᠶᠢ ᠪᠠᠲᠤᠯᠠᠬᠤ ᠶᠢᠨ ᠲᠥᠯᠥᠭᠡ᠂ ᠮᠠᠨ ᠤ ᠰᠢᠶᠠᠨ 9 ᠰᠠᠷ᠎ᠠ ᠶᠢᠨ 6 ᠤ ᠡᠳᠦᠷ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠪᠣᠭᠤᠮᠲᠠ ᠰᠢᠪᠲᠤᠯᠬᠤ ᠪᠠᠶᠢᠯᠳᠤᠭᠠᠨ ᠤ ᠵᠢᠯᠣᠭᠤᠳᠬᠤ ᠭᠠᠵᠠᠷ ᠢ ᠪᠠᠶᠢᠭᠤᠯᠵᠤ᠂ ᠰᠢᠶᠠᠩ ᠪᠠᠯᠭᠠᠰᠤ ᠨᠢᠭᠡᠪᠦᠷᠢ ᠳᠤ ᠨᠢᠭᠡ ᠰᠢᠶᠠᠨ ᠤ ᠤᠳᠤᠷᠢᠳᠤᠯᠭ᠎ᠠ ᠰᠢᠶᠠᠩ ᠳᠠᠭᠠᠭᠠᠴᠢᠯᠠᠭᠰᠠᠨ ᠤᠳᠤᠷᠢᠳᠤᠯᠭ᠎ᠠ ᠶᠢ ᠡᠭᠦᠷᠭᠡᠯᠡᠵᠦ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ ᠂ ᠵᠢᠷᠤᠭ ᠡᠯᠭᠦᠵᠦ ᠪᠠᠶᠢᠯᠳᠤᠭᠠᠨ ᠬᠢᠵᠦ᠂ ᠰᠢᠶᠠᠨ ᠤ ᠤᠳᠤᠷᠢᠳᠤᠯᠭ᠎ᠠ ᠪᠡᠶ᠎ᠡ ᠪᠠᠷ ᠢᠶᠠᠨ ᠲᠤᠬᠠᠶ ᠶᠢᠨ ᠲᠠᠯᠠᠪᠤᠷ ᠲᠤ ᠬᠦᠷᠴᠦ᠂ ᠠᠬᠢᠴᠠ ᠶᠢ ᠴᠢᠩᠭ᠎ᠠ ᠠᠩᠬᠠᠷᠴᠤ᠂ ᠰᠢᠶᠠᠩ ᠪᠠᠯᠭᠠᠰᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠴᠠᠬᠢᠯᠭᠠᠨ ᠬᠠᠩᠭᠠᠬᠤ᠂ ᠪᠠᠷᠢᠯᠭ᠎ᠠ ᠪᠠᠷᠢᠬᠤ ᠨᠢᠭᠡᠴᠡ ᠨᠢᠭᠲᠠ ᠬᠠᠮᠵᠢᠯᠴᠠᠨ᠂ ᠲᠣᠨᠤᠭ ᠲᠥᠬᠦᠭᠡᠷᠦᠮᠵᠢ ᠤᠭᠰᠠᠷᠠᠬᠤ ᠪᠠ ᠬᠦᠰᠦᠨᠦᠭᠲᠦ ᠶᠢᠨ ᠳᠠᠷᠠᠭᠠᠬᠢ ᠱᠤᠭᠤᠮ ᠢ ᠴᠥᠮ ᠲᠥᠯᠥᠪᠯᠡᠭᠡ ᠶᠣᠰᠣᠭᠠᠷ ᠴᠠᠭ ᠲᠤᠬᠠᠶ ᠳᠤᠨᠢ ᠳᠠᠭᠤᠰᠬᠠᠪᠠ᠃    ᠡᠭᠦᠨ ᠤ ᠬᠠᠮᠲᠤ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︽ᠴᠠᠬᠢᠯᠭᠠᠨ ᠭᠦᠸᠧᠯᠦ ᠶᠢ ᠠᠮᠤᠷ ᠲᠦᠪᠰᠢᠨ ᠢᠶᠠᠷ ᠬᠡᠷᠡᠭᠯᠡᠬᠦ ᠤᠬᠠᠭᠤᠯᠭ᠎ᠠ ᠶᠢᠨ ᠵᠢᠷᠤᠭ︾᠂ ︽ᠥᠷᠭᠡᠨ ᠣᠯᠠᠨ ᠬᠡᠷᠡᠭᠯᠡᠭᠴᠢ ᠳᠤ ᠥᠭᠭᠦᠭᠰᠡᠨ ᠨᠢᠭᠡ ᠬᠤᠪᠢ ᠵᠠᠬᠢᠳᠠᠯ︾ ᠵᠣᠬᠢᠶᠠᠵᠤ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠲᠥᠬᠦᠭᠡᠷᠦᠮᠵᠢ ᠶᠢ ᠠᠮᠤᠷ ᠲᠦᠪᠰᠢᠨ ᠢᠶᠠᠷ ᠬᠡᠷᠡᠭᠯᠡᠬᠦ ᠵᠢᠭᠠᠨ ᠰᠤᠷᠭᠠᠯᠲᠠ ᠶᠢᠨ ᠵᠠᠮ︾ ᠢ ᠰᠢᠩᠭᠡᠭᠡᠨ ᠦᠢᠯᠡᠳᠴᠦ᠂ ᠰᠦᠯᠵᠢᠶᠡᠨ ᠳᠡᠭᠡᠷᠡᠬᠢ ᠲᠠᠪᠴᠠᠩ᠂ ᠸᠢᠴᠠᠲ ᠤᠨ ᠬᠤᠯᠪᠤᠭ᠎ᠠ ᠵᠢᠴᠢ ᠰᠦᠯᠵᠢᠶᠡᠨ ᠭᠠᠳᠠᠨᠠᠬᠢ ᠲᠤᠬᠠᠶ ᠶᠢᠨ ᠲᠠᠯᠠᠪᠤᠷ ᠲᠤ ᠣᠯᠠᠨ ᠲᠦᠮᠡᠨ ᠳᠤ ᠨᠢᠭᠤᠷᠲᠠᠨ ᠲᠠᠶᠢᠯᠪᠤᠷᠢᠯᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷᠡᠭᠯᠡᠭᠴᠢ ᠶᠢᠨ ᠤᠬᠠᠭᠤᠯᠭ᠎ᠠ ᠶᠢᠨ ᠲᠥᠬᠦᠭᠡᠷᠦᠮᠵᠢ ᠶᠢ ᠬᠡᠷᠡᠭᠯᠡᠬᠦ ᠠᠷᠭ᠎ᠠ ᠪᠠ ᠠᠩᠬᠠᠷᠬᠤ ᠵᠦᠢᠯᠡᠰ ᠢ ᠨᠠᠷᠢᠨ ᠲᠣᠳᠣᠷᠬᠠᠶ ᠲᠠᠶᠢᠯᠪᠤᠷᠢᠯᠠᠭᠰᠠᠨ ᠪᠥᠭᠡᠳ ᠬᠡᠰᠡᠭ ᠲᠣᠭᠤᠷᠢᠭ ᠢᠶᠠᠷ ᠪᠣᠷᠣᠯᠠᠭᠤᠯᠤᠭᠰᠠᠨ ᠤ ᠳᠠᠷᠠᠭᠠᠬᠢ ᠸᠢᠴᠠᠲ ᠤᠨ ᠬᠤᠯᠪᠤᠭ᠎ᠠ ᠶᠢ ᠪᠠᠶᠢᠭᠤᠯᠵᠤ᠂ ᠨᠡᠭᠦᠷᠡᠰᠦ ᠶᠢ ᠴᠠᠬᠢᠯᠭᠠᠨ ᠬᠡᠷᠡᠭᠯᠡᠭᠴᠢ ᠪᠣᠯᠭᠠᠨ ᠥᠭᠡᠷᠡᠴᠢᠯᠡᠭᠰᠡᠨ ᠤ ᠳᠠᠷᠠᠭᠠᠬᠢ ᠦᠢᠯᠡᠴᠢᠯᠡᠭᠡᠨ ᠤ ᠠᠵᠢᠯᠲᠠᠨ᠂ ᠰᠢᠶᠠᠩ ᠪᠠᠯᠭᠠᠰᠤᠨ ᠤ ᠠᠵᠢᠯᠲᠠᠨ ᠣᠷᠣᠭᠤᠯᠬᠤ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠬᠡᠷᠡᠭᠯᠡᠭᠴᠢ ᠯᠦᠭᠡ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠴᠠᠭ ᠲᠤᠬᠠᠶ ᠳᠤᠨᠢ ᠴᠢᠩᠭᠠᠳᠬᠠᠵᠤ᠂ ᠣᠯᠠᠨ ᠲᠦᠮᠡᠨ ᠤ ᠳᠡᠭᠡᠳᠦ ᠬᠡᠮᠵᠢᠶᠡᠨ ᠤ ᠵᠥᠪᠰᠢᠶᠡᠷᠡᠯ ᠢ ᠣᠯᠤᠭᠰᠠᠨ ᠪᠠᠶᠢᠨ᠎ᠠ᠃    ᠡᠭᠦᠨ ᠤ ᠬᠠᠮᠲᠤ᠂ ᠰᠠᠭᠤᠭᠠᠯᠢ ᠡᠷᠦᠬᠡ ᠶᠢᠨ ᠭᠠᠳᠠᠭᠰᠢ ᠭᠠᠷᠴᠤ ᠡᠷᠦᠬᠡ ᠳᠤ ᠣᠷᠣᠵᠤ ᠲᠣᠬᠢᠷᠠᠭᠤᠯᠬᠤ ᠶᠢᠨ ᠠᠷᠭ᠎ᠠ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ︽ᠰᠤᠷᠪᠤᠯᠵᠢᠯᠠᠬᠤ ᠪᠠᠷ ᠬᠦᠷᠬᠦ ᠳᠤ ᠮᠡᠳᠡᠬᠦ ᠬᠠᠭᠤᠳᠠᠰᠤ︾ ᠶᠢ ᠵᠢᠷᠤᠵᠤ ᠲᠥᠯᠥᠪᠯᠡᠵᠦ᠂ ᠲᠤᠷᠰᠢᠨ ᠲᠣᠬᠢᠷᠠᠭᠤᠯᠬᠤ ᠠᠵᠢᠯᠲᠠᠨ ᠤ ᠣᠪᠣᠭ ᠨᠡᠷ᠎ᠡ᠂ ᠬᠠᠷᠢᠯᠴᠠᠬᠤ ᠤᠲᠠᠰᠤ ᠵᠢᠴᠢ ᠬᠤᠳᠠᠯᠳᠤᠭᠰᠠᠨ ᠤ ᠳᠠᠷᠠᠭᠠᠬᠢ ᠸᠢᠴᠠᠲ ᠤᠨ ᠰᠦᠷᠦᠭ ᠤᠨ ᠬᠤᠶᠠᠷ ᠬᠡᠮᠵᠢᠯᠳᠦ ᠲᠡᠮᠳᠡᠭ ᠢ ᠪᠠᠭᠲᠠᠭᠠᠵᠠᠢ᠃ ᠬᠤᠳᠠᠯᠳᠤᠭᠰᠠᠨ ᠤ ᠳᠠᠷᠠᠭ᠎ᠠ ᠬᠥᠮᠦᠰ ᠭᠠᠳᠠᠭᠰᠢ ᠭᠠᠷᠴᠤ ᠪᠠᠶᠢᠭ᠎ᠠ ᠡᠷᠦᠬᠡ ᠶᠢᠨ ᠡᠭᠦᠳᠡᠨ ᠳᠤ ᠨᠠᠭᠠᠵᠤ᠂ ᠰᠠᠭᠤᠭᠠᠯᠢ ᠡᠷᠦᠬᠡ ᠶᠢᠨ ᠤᠷᠢᠳᠴᠢᠯᠠᠨ ᠪᠣᠯᠵᠣᠵᠤ ᠲᠤᠷᠰᠢᠨ ᠲᠣᠬᠢᠷᠠᠭᠤᠯᠬᠤ ᠴᠠᠭ ᠲᠤ ᠲᠥᠬᠦᠮ ᠦᠵᠡᠭᠦᠯᠵᠦ᠂ ᠬᠤᠶᠠᠷ ᠲᠠᠯ᠎ᠠ ᠪᠠᠷ ᠢᠶᠠᠨ ᠨᠡᠪᠲᠡᠷᠡᠯᠴᠡᠨ ᠬᠦᠷᠦᠯᠴᠡᠬᠦ ᠥᠬᠡᠶ ᠠᠴᠠ ᠪᠣᠯᠵᠣ ᠵᠥᠷᠢᠴᠡᠯ ᠡᠭᠦᠰᠬᠦ ᠠᠴᠠ ᠪᠦᠲᠦᠮᠵᠢᠲᠡᠶ ᠵᠠᠶᠢᠯᠠᠰᠬᠢᠪᠠ᠃                                 ᠨᠠᠶᠢᠷᠠᠭᠤᠯᠤᠭᠴᠢ᠄   ᠴᠧᠨ ᠰᠢᠶᠤᠤ ᠵᠢᠤᠸᠠᠨ                                 ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2