ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 13 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/18
   10 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 13 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾ ᠤᠨ ᠬᠠᠮᠢᠶ᠎ᠠ ᠪᠦᠬᠦᠢ ᠠᠭᠤᠯᠭ᠎ᠠ ᠶᠢ ᠲᠤᠰᠬᠠᠢ ᠰᠡᠳᠦᠪ ᠢᠶᠠᠷ ᠰᠤᠷᠤᠯᠴᠠᠵᠤ᠂ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾ ᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠰᠣᠨᠣᠰᠬᠤ ᠰᠤᠯᠠ ᠰᠣᠨᠣᠰᠬᠤ ᠠᠵᠢᠯ ᠤᠨ ᠳᠤᠭᠤᠶᠢᠯᠠᠩ ᠬᠤᠷᠠᠯ ᠳᠤ ᠣᠷᠣᠯᠴᠠᠨ ᠦᠨᠡᠯᠡᠯᠲᠡ ᠬᠢᠵᠦ ᠵᠢᠭᠠᠨ ᠵᠢᠯᠣᠭᠤᠳᠪᠠ᠃    ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠰᠣᠨᠣᠰᠬᠤ ᠰᠤᠯᠠ ᠰᠣᠨᠣᠰᠬᠤ ᠠᠵᠢᠯ ᠤᠨ ᠳᠤᠭᠤᠶᠢᠯᠠᠩ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠪᠠᠶᠢᠳᠠᠯ ᠢ ᠭᠦᠢᠴᠡᠳ ᠨᠤᠲᠠᠯᠠᠵᠤ᠂ ᠲᠤᠰ ᠤᠳᠠᠭ᠎ᠠ ᠶᠢᠨ ᠰᠤᠷᠤᠯᠴᠠᠯᠭ᠎ᠠ ᠶᠢᠨ ᠪᠡᠯᠡᠳᠬᠡᠯ ᠭᠦᠢᠴᠡᠳ᠂ ᠶᠠᠪᠤᠴᠠ ᠵᠢᠷᠤᠮᠵᠢᠯ ᠲᠠᠢ᠂ ᠰᠤᠷᠤᠯᠴᠠᠬᠤ ᠠᠭᠤᠯᠭ᠎ᠠ ᠪᠠᠶᠠᠯᠢᠭ᠂ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠨᠢ ᠭᠦᠨᠵᠡᠭᠡᠢ ᠭᠡᠵᠦ ᠦᠵᠡᠪᠡ᠃ ᠲᠡᠷᠡᠴᠢᠯᠡᠨ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾ ᠤᠨ ᠬᠤᠯᠪᠣᠭᠳᠠᠯ ᠪᠦᠬᠦᠢ ᠠᠭᠤᠯᠭ᠎ᠠ ᠶᠢᠨ ᠤᠨᠤᠯ ᠤᠨ ᠰᠤᠷᠤᠯᠴᠠᠯᠭ᠎ᠠ ᠵᠢᠴᠢ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ ᠤᠯᠠᠮ ᠴᠢᠨᠠᠭᠰᠢᠳᠠ ᠵᠢᠷᠤᠮᠵᠢᠭᠤᠯᠤᠨ ᠴᠢᠩᠭᠠᠳᠬᠠᠬᠤ ᠲᠤᠬᠠᠢ ᠵᠢᠯᠣᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃    ᠯᠢᠦ ᠶᠢᠨ ᠲᠤᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠳᠤᠮᠳᠠ ᠤᠯᠤᠰ ᠲᠦᠷᠦ ᠶᠢ ᠡᠷᠬᠢᠮᠯᠡᠬᠦ᠂ ᠦᠨᠡᠨᠴᠢ ᠰᠢᠳᠤᠷᠭᠤ ᠪᠠᠶᠢᠬᠤ ᠦᠵᠡᠯ ᠰᠠᠨᠠᠭᠠᠨ ᠤ ᠰᠠᠭᠤᠷᠢ ᠶᠢ ᠨᠡᠩ ᠪᠠᠲᠤ ᠴᠣᠭᠴᠠᠯᠠᠬᠤ ᠬᠡᠷᠡᠭᠲᠡᠢ᠃ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠢᠭᠡ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠠᠬᠢᠭᠤᠯᠬᠤ᠂ ︽ᠲᠠᠪᠤᠨ ᠬᠦᠴᠦᠷᠬᠡᠭ ᠰᠢᠶᠠᠨ︾ ᠢ ᠪᠦᠳᠦᠭᠡᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠲᠠᠢ ᠬᠠᠷᠢᠴᠠᠭᠤᠯᠤᠨ᠂ ᠪᠥᠬᠦ ᠲᠠᠯ᠎ᠠ ᠪᠠᠷ ᠡᠮᠬᠢᠯᠡᠨ ᠪᠦᠷᠢᠳᠬᠡᠵᠦ᠂ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ︽ᠲᠣᠭᠲᠠᠭᠤᠨ ᠳᠤᠮᠳᠠ ᠰᠠᠪᠠ ᠭᠠᠵᠠᠷ ᠢ ᠲᠣᠭᠲᠠᠪᠤᠷᠢᠵᠢᠭᠤᠯᠬᠤ᠂ ᠳᠡᠭᠡᠳᠦ ᠤᠷᠤᠰᠬᠠᠯ ᠤᠨ ᠵᠠᠮ ᠢ ᠲᠡᠮᠡᠴᠡᠨ ᠤᠯᠬᠤ᠂ ᠡᠮᠦᠨ᠎ᠡ ᠡᠩᠨᠡᠭᠡᠨ ᠳᠤ ᠣᠷᠣᠬᠤ︾ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠪᠦᠬᠦ ᠲᠠᠯ᠎ᠠ ᠪᠠᠷ ᠵᠣᠷᠢᠭᠵᠢᠭᠤᠯᠬᠤ ᠬᠡᠷᠡᠭᠲᠡᠢ᠃ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ ᠶᠢ ᠲᠤᠪᠤᠶᠢᠯᠭᠠᠵᠦ᠂ ᠤᠨᠢᠨ ᠳᠡᠭᠡᠷ᠎ᠡ ᠨᠢ ᠳᠠᠷᠤᠭᠠᠰᠤ ᠶᠢ ᠬᠥᠩᠭᠡᠷᠡᠭᠦᠯᠵᠦ᠂ ︽ᠨᠢᠭᠡ ᠠᠰᠠᠭᠤᠳᠠᠯ ᠢ ᠰᠢᠢᠳᠪᠦᠷᠢᠯᠡᠬᠦ︾ ᠠᠴᠠ ︽ᠨᠢᠭᠡ ᠲᠦᠷᠦᠯ ᠤᠨ ᠠᠰᠠᠭᠤᠳᠠᠯ ᠢ ᠰᠢᠢᠳᠪᠦᠷᠢᠯᠡᠬᠦ︾ ᠲᠡᠰᠢ ᠤᠷᠲᠤᠳᠬᠠᠬᠤ ᠶᠢ ᠲᠠᠰᠤᠷᠠᠯᠲᠠ ᠦᠭᠡᠢ ᠠᠬᠢᠭᠤᠯᠵᠤ᠂ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾ ᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃                                        ᠨᠠᠶᠢᠷᠠᠭᠤᠯᠤᠭᠴᠢ᠄   ᠴᠧᠨ ᠰᠢᠶᠤᠤ ᠵᠢᠤᠸᠠᠨ                                        ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2