ᠯᠢᠶᠠᠩᠴᠧᠩ ᠰᠢᠶᠠᠨ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/10/20
  ᠨᠢᠭᠡ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠵᠠᠷᠴᠢᠮ ᠳᠡᠭᠡᠷ᠎ᠡ ᠪᠠᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠥᠬᠡᠶ ᠮᠠᠨ ᠤ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠴᠥᠮ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠡᠷᠡᠭᠲᠡᠶ᠃ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠡᠲᠡᠭᠡᠳ ᠨᠢ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠤ ᠪᠠᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠵᠤ‌‍ᠪ᠊ ‍ᠤᠯᠤᠨ᠎ᠠ᠃    ᠬᠤᠶᠠᠷ᠂ ᠰᠦᠢᠳᠬᠡᠯ ᠲᠤᠰᠢᠶᠠᠬᠤ ᠪᠠᠷᠢᠮᠵᠢᠶ᠎ᠠ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠪᠣᠯ ᠬᠥᠮᠦᠨ ᠪᠦᠷᠢ ᠳᠤ 400 ᠲᠥᠭᠦᠷᠢᠭ ᠪᠣᠯᠤᠨ᠎ᠠ᠃    ᠭᠤᠷᠪᠠ᠂ ᠰᠦᠢᠳᠬᠡᠯ ᠲᠤᠰᠢᠶᠠᠬᠤ ᠴᠠᠭ ᠵᠢᠴᠢ ᠣᠯᠭᠤᠮᠵᠢ ᠭᠥᠷᠳᠡᠨ᠎ᠡ ︵ᠨᠢᠭᠡ︶ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠴᠠᠭ ᠬᠤᠭᠤᠴᠠᠭ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠤᠷᠢᠳᠴᠢᠯᠠᠨ ᠰᠦᠢᠳᠬᠡᠯ ᠲᠤᠰᠢᠶᠠᠬᠤ ᠲᠦᠷᠢᠮ ᠢ ᠬᠡᠷᠡᠭᠵᠢᠭᠦᠯᠵᠦ᠂ 2024 ᠣᠨ ᠤ 9 ᠰᠠᠷ᠎ᠠ ᠶᠢᠨ 1᠎ ᠤ ᠡᠳᠦᠷ ᠠᠴᠠ ᠡᠬᠢᠯᠡᠨ 2025 ᠣᠨ ᠤ 2 ᠰᠠᠷ᠎ᠠ ᠶᠢᠨ 28᠎ ᠤ ᠡᠳᠦᠷ ᠪᠣᠯᠲᠠᠯ᠎ᠠ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭ᠎ᠠ ᠪᠣᠯᠤᠨ᠎ᠠ᠃ ︵ᠬᠤᠶᠠᠷ︶ ᠣᠯᠭᠤᠮᠵᠢ ᠬᠦᠯᠢᠶᠡᠬᠦ ᠬᠤᠭᠤᠴᠠᠭᠠᠨ ᠳᠤ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭᠠᠨ ᠳᠤ ᠰᠦᠢᠳᠬᠡᠯ ᠲᠤᠰᠢᠶᠠᠬᠤ ᠳᠤ ᠣᠯᠭᠤᠮᠵᠢ ᠬᠦᠯᠢᠶᠡᠬᠦ ᠬᠤᠭᠤᠴᠠᠭ᠎ᠠ ᠭᠠᠷᠭᠠᠬᠤ ᠦᠭᠡᠶ᠃ ᠰᠢᠨ᠎ᠡ ᠲᠦᠷᠦᠭᠰᠡᠨ ᠬᠡᠤᠬᠡᠳ ᠵᠡᠷᠭᠡ ᠣᠨᠴᠠᠭᠠᠶ ᠬᠠᠮᠲᠤᠯᠢᠭ ᠢ ᠭᠠᠷᠭᠠᠪᠠᠯ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠲᠥᠪᠯᠡᠷᠡᠭᠦᠯᠦᠨ ᠳᠠᠭᠠᠳᠬᠠᠯ ᠳᠤ ᠣᠷᠣᠯᠴᠠᠭᠰᠠᠨ ᠥᠬᠡᠶ ᠪᠤᠶᠤ ᠦᠷᠭᠦᠯᠵᠢᠯᠡᠨ ᠳᠠᠭᠠᠳᠬᠠᠯ ᠳᠤ ᠣᠷᠣᠯᠴᠠᠭᠰᠠᠨ ᠥᠬᠡᠶ ᠬᠥᠮᠦᠰ ᠲᠤ ᠳᠠᠭᠠᠳᠬᠠᠯ ᠳᠤ ᠣᠷᠣᠯᠴᠠᠭᠰᠠᠨ ᠤ ᠳᠠᠷᠠᠭᠠᠬᠢ ᠲᠣᠭᠲᠠᠮᠠᠯ ᠣᠯᠭᠤᠮᠵᠢ ᠬᠦᠯᠢᠶᠡᠬᠦ ᠬᠤᠭᠤᠴᠠᠭ᠎ᠠ ᠶᠢ 3 ᠰᠠᠷ᠎ᠠ ᠲᠣᠬᠢᠷᠠᠭᠤᠯᠤᠨ᠎ᠠ᠃ ᠡᠭᠦᠨ ᠳᠤ᠂ ᠦᠷᠭᠦᠯᠵᠢᠯᠡᠨ ᠳᠠᠭᠠᠳᠬᠠᠯ ᠳᠤ ᠣᠷᠣᠯᠴᠠᠭᠰᠠᠨ ᠥᠬᠡᠶ ᠪᠠᠶᠢᠪᠠᠯ᠂ ᠳᠠᠭᠠᠳᠬᠠᠯ ᠢ ᠢᠯᠡᠭᠦᠬᠡᠨ ᠲᠠᠰᠤᠯᠵᠤ ᠥᠭᠬᠦ ᠪᠦᠷᠢ 1 ᠵᠢᠯ ᠪᠠᠶᠢᠵᠤ᠂ ᠲᠣᠭᠲᠠᠮᠠᠯ ᠬᠠᠷᠠᠭᠠᠯᠵᠠᠯ ᠤᠨ ᠬᠦᠯᠢᠶᠡᠬᠦ ᠬᠤᠭᠤᠴᠠᠭᠠᠨ ᠤ ᠰᠠᠭᠤᠷᠢᠨ ᠳᠡᠭᠡᠷ᠎ᠡ ᠬᠤᠪᠢᠷᠠᠯᠲᠠ ᠶᠢᠨ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ 1 ᠰᠠᠷ᠎ᠠ ᠨᠡᠮᠡᠭᠳᠡᠭᠦᠯᠵᠦ᠂ ᠳᠠᠭᠠᠳᠬᠠᠯ ᠳᠤ ᠣᠷᠣᠯᠴᠠᠭᠰᠠᠳ ᠰᠦᠢᠳᠬᠡᠯ ᠲᠤᠰᠢᠶᠠᠬᠤ ᠶᠢ ᠵᠠᠰᠠᠨ ᠰᠡᠷᠭᠦᠭᠡᠬᠦ ᠬᠤᠪᠢᠷᠠᠯᠲᠠ ᠶᠢᠨ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ 1 ᠵᠢᠯ ᠢᠯᠡᠭᠦᠦ ᠲᠤᠰᠢᠶᠠᠵᠤ ᠪᠣᠯᠤᠨ᠎ᠠ᠂ 1 ᠵᠢᠯ ᠢᠯᠡᠭᠦᠦ ᠲᠤᠰᠢᠶᠠᠬᠤ ᠪᠦᠷᠢ 1 ᠰᠠᠷ᠎ᠠ ᠶᠢᠨ ᠬᠤᠪᠢᠷᠠᠯᠲᠠ ᠶᠢᠨ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ ᠪᠠᠭᠠᠰᠬᠠᠵᠤ᠂ 4 ᠵᠢᠯ ᠵᠢᠴᠢ ᠲᠡᠭᠦᠨ ᠠᠴᠠ ᠳᠡᠭᠡᠭᠰᠢ ᠦᠷᠭᠦᠯᠵᠢᠯᠡᠨ ᠲᠤᠰᠢᠶᠠᠵᠤ ᠪᠣᠯᠤᠨ᠎ᠠ᠂ ᠵᠠᠰᠠᠨ ᠰᠡᠷᠭᠦᠭᠡᠭᠰᠡᠨ ᠤ ᠳᠠᠷᠠᠭᠠᠬᠢ ᠲᠣᠭᠲᠠᠮᠠᠯ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠪᠠ ᠬᠤᠪᠢᠷᠠᠯᠲᠠ ᠶᠢᠨ ᠬᠠᠷᠠᠭᠠᠯᠵᠠᠯ ᠤᠨ ᠬᠦᠯᠢᠶᠡᠬᠦ ᠬᠤᠭᠤᠴᠠᠭᠠᠨ ᠤ ᠨᠡᠶᠢᠯᠡᠪᠦᠷᠢ ᠶᠢ ᠵᠠᠷᠴᠢᠮ ᠳᠡᠭᠡᠷ᠎ᠡ ᠪᠠᠨ 6 ᠰᠠᠷ᠎ᠠ ᠠᠴᠠ ᠳᠤᠲᠠᠭᠤ ᠪᠠᠶᠢᠯᠭᠠᠵᠤ ᠪᠣᠯᠤᠨ᠎ᠠ᠃ ᠬᠠᠷᠠᠭᠠᠯᠵᠠᠯ ᠦᠵᠡᠭᠦᠯᠬᠦ ᠬᠤᠭᠤᠴᠠᠭᠠᠨ ᠳᠤ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠶᠢ ᠬᠦᠷᠢᠲᠦᠵᠦ ᠪᠣᠯᠬᠤ ‍ᠦᠭᠡᠢ᠃ ︵ᠭᠤᠷᠪᠠ︶ ᠬᠠᠷᠠᠭᠠᠯᠵᠠᠯ ᠭᠥᠷᠳᠡᠬᠦ ᠴᠠᠭ ᠨᠢ 2025 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠮᠦᠨ᠎ᠡ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ᠂ ᠣᠯᠭᠤᠮᠵᠢ ᠬᠦᠷᠳᠡᠬᠦ ᠬᠤᠭᠤᠴᠠᠭ᠎ᠠ ᠨᠢ 2025 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ 2025 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ ᠲᠥᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭ᠎ᠠ ᠳᠠᠭᠤᠰᠬᠤ ᠠᠴᠠ ᠡᠮᠦᠨ᠎ᠡ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ᠂ ᠣᠯᠭᠤᠮᠵᠢ ᠬᠦᠷᠲᠡᠬᠦ ᠬᠤᠭᠤᠴᠠᠭ᠎ᠠ ᠨᠢ ᠰᠦᠢᠳᠬᠡᠯ ᠲᠤᠰᠢᠶᠠᠬᠤ ᠡᠳᠦᠷ ᠠᠴᠠ ᠡᠬᠢᠯᠡᠨ 2025 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ ᠦᠷᠭᠦᠯᠵᠢᠯᠡᠨ᠎ᠡ︔ ᠲᠥᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠣᠯᠭᠤᠮᠵᠢ ᠬᠦᠯᠢᠶᠡᠬᠦ ᠬᠤᠭᠤᠴᠠᠭ᠎ᠠ ᠶᠢᠨ ᠬᠠᠮᠢᠶ᠎ᠠ ᠪᠦᠬᠦᠢ ᠲᠣᠭᠲᠠᠭᠠᠯ ᠢ ᠬᠡᠷᠡᠭᠵᠢᠭᠦᠯᠦᠨ᠎ᠡ᠃    ᠳᠥᠷᠪᠡ᠂ ᠰᠦᠢᠳᠬᠡᠯ ᠲᠤᠰᠢᠶᠠᠬᠤ ᠠᠷᠭ᠎ᠠ ᠮᠠᠶ᠋ᠢᠭ    ᠬᠤᠲᠠ ᠬᠥᠳᠡᠭᠡ ᠶᠢᠨ ᠰᠠᠭᠤᠭᠠᠯᠢ ᠠᠷᠠᠳ ᠰᠦᠯᠵᠢᠶᠡᠨ ᠳᠡᠭᠡᠷ᠎ᠡ ᠪᠤᠶᠤ ᠰᠦᠯᠵᠢᠶᠡᠨ ᠭᠠᠳᠠᠨᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠰᠦᠢᠳᠬᠡᠯ ᠲᠤᠰᠢᠶᠠᠵᠤ ᠪᠣᠯᠤᠨ᠎ᠠ᠃ ᠰᠠᠭᠤᠭᠠᠯᠢ ᠠᠷᠠᠳ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠭᠠᠷ ᠤᠲᠠᠰᠤ ᠪᠠᠷ ᠰᠦᠢᠳᠭᠡᠯ ᠲᠤᠰᠢᠶᠠᠬᠤ ᠵᠢᠵᠢᠭ ᠫᠷᠤᠭ᠍ᠷᠠᠮ᠂ ᠮᠥᠩᠬᠡ ᠰᠤᠪᠠᠭ᠂ ᡁᠢ ᠹᠦ᠋ ᠪᠣᠣ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠭᠠᠷ ᠤᠲᠠᠰᠤᠨ ᠤ APP᠎ ᠪᠠᠷ ᠪᠡᠶ᠎ᠡ ᠪᠠᠨ ᠳᠠᠭᠠᠭᠠᠵᠤ ᠰᠦᠢᠳᠭᠡᠯ ᠲᠤᠰᠢᠶᠠᠵᠤ ᠪᠣᠯᠤᠨ᠎ᠠ᠂ ᠵᠢᠱᠢᠶᠡᠯᠡᠪᠡᠯ ᠲᠣᠰ ᠭᠠᠵᠠᠷ ᠲᠤ ᠠᠩᠬ᠎ᠠ ᠤᠳᠠᠭ᠎ᠠ ᠳᠠᠭᠠᠳᠬᠠᠯ ᠳᠤ ᠣᠷᠣᠯᠴᠠᠵᠤ ᠳᠠᠩᠰᠠᠯᠠᠭᠰᠠᠨ ᠪᠤᠶᠤ ᠮᠡᠳᠡᠭᠡ ᠵᠠᠩᠭᠢ ᠨᠢ ᠪᠦᠷᠢᠨ ᠪᠤᠰᠤ ᠪᠣᠯ ᠤᠷᠢᠳᠠᠪᠠᠷ ᠬᠠᠷᠢᠶ᠎ᠠ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠢᠭᠤᠯᠤᠮᠵᠢ ᠳᠤ ᠣᠴᠢᠵᠤ ᠬᠠᠮᠠᠭᠠᠯᠠᠬᠤ ᠮᠡᠳᠡᠭᠡ ᠵᠠᠩᠭᠢ ᠪᠠᠨ ᠳᠠᠷᠠᠭ᠎ᠠ ᠰᠠᠶ᠋ᠢ ᠭᠠᠶᠢᠯᠢ ᠶᠢᠨ ᠶᠠᠪᠤᠳᠠᠯ ᠤᠨ ᠰᠦᠢᠳᠭᠡᠯ ᠲᠤᠰᠢᠶᠠᠬᠤ ᠦᠵᠦᠭᠦᠷ ᠢᠶᠠᠷ ᠳᠠᠮᠵᠢᠭᠤᠯᠤᠨ ᠰᠦᠢᠳᠭᠡᠯ ᠲᠤᠰᠢᠶᠠᠵᠤ ᠪᠣᠯᠤᠨ᠎ᠠ᠃ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠴᠤ ᠭᠠᠶᠢᠯᠢ ᠶᠢᠨ ᠶᠠᠪᠤᠳᠠᠯ ᠤᠨ ᠴᠣᠩᠬᠤ ᠵᠢᠴᠢ ᠰᠦᠯᠵᠢᠶᠡᠨ ᠭᠠᠳᠠᠨᠠᠬᠢ ᠰᠦᠢᠳᠬᠡᠯ ᠲᠤᠰᠢᠶᠠᠬᠤ ᠪᠤᠰᠤᠳ ᠠᠷᠭ᠎ᠠ ᠵᠠᠮ ᠳᠤ ᠬᠦᠷᠴᠦ ᠰᠦᠢᠳᠬᠡᠯ ᠲᠤᠰᠢᠶᠠᠵᠤ ᠪᠣᠯᠤᠨ᠎ᠠ᠃    ᠲᠠᠪᠤ᠂ ᠰᠦᠢᠳᠬᠡᠯ ᠪᠤᠴᠠᠭᠠᠬᠤ ᠲᠣᠭᠲᠠᠭᠠᠯ    ᠰᠦᠢᠳᠬᠡᠯ ᠲᠤᠰᠢᠶᠠᠬᠤ ᠬᠥᠮᠦᠰ 2024 ᠣᠨ ᠤ 12 ᠰᠠᠷ᠎ᠠ ᠶᠢᠨ 31᠎ ᠤ ᠡᠳᠦᠷ ᠬᠠᠷᠠᠭᠠᠯᠵᠠᠯ ᠤᠨ ᠬᠤᠭᠤᠴᠠᠭᠠᠨ ᠳᠤ ᠣᠷᠣᠬᠤ ᠠᠴᠠ ᠡᠮᠦᠨ᠎ᠡ᠂ ᠳᠠᠬᠢᠨ ᠳᠠᠪᠲᠠᠨ ᠰᠦᠢᠳᠬᠡᠯ ᠲᠤᠰᠢᠶᠠᠭᠰᠠᠨ ᠪᠤᠶᠤ ᠨᠠᠰᠤ ᠪᠠᠷᠠᠭᠰᠠᠨ ᠢ ᠨᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠲᠠᠰ ᠳᠠᠷᠠᠭᠠᠯᠠᠯ ᠢᠶᠠᠷ ᠰᠦᠢᠳᠬᠡᠯ ᠪᠤᠴᠠᠭᠠᠬᠤ ᠪᠠᠷ ᠭᠤᠶᠤᠴᠢᠯᠠᠵᠤ ᠪᠣᠯᠤᠨ᠎ᠠ᠂ 2025 ᠣᠨ ᠤ 1 ᠰᠠᠷ᠎ᠠ ᠶᠢᠨ 1᠎ ᠤ ᠡᠳᠦᠷ ᠤᠨ ᠬᠠᠷᠠᠭᠠᠯᠵᠠᠯ ᠤᠨ ᠬᠤᠭᠤᠴᠠᠭᠠᠨ ᠳᠤ ᠣᠷᠣᠭᠤᠯᠤᠭᠰᠠᠨ ᠤ ᠳᠠᠷᠠᠭ᠎ᠠ᠂ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠨᠢ ᠰᠦᠶ᠋ᠳᠬᠡᠯ ᠪᠤᠴᠠᠭᠠᠬᠤ ᠥᠬᠡᠶ᠃ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ ᠪᠦᠬᠦ ᠵᠢᠯ ᠳᠤ ᠴᠥᠮ ᠰᠦᠢᠳᠬᠡᠯ ᠪᠤᠴᠠᠭᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃ ᠪᠤᠰᠤᠳ ᠬᠤᠯᠪᠣᠭᠳᠠᠯ ᠪᠥᠬᠦᠶ ᠰᠦᠶ᠋ᠳᠬᠡᠯ ᠪᠤᠴᠠᠭᠠᠭᠰᠠᠨ ᠪᠠᠶᠢᠳᠠᠯ᠂ ᠰᠢᠯᠵᠢᠭᠦᠯᠦᠨ ᠦᠷᠭᠦᠯᠵᠢᠯᠡᠭᠦᠯᠬᠦ ᠵᠡᠷᠭᠡ ᠭᠠᠷᠲᠠᠨ ᠭᠦᠶ᠋ᠴᠡᠳᠬᠡᠬᠦ ᠠᠵᠢᠯᠯᠠᠭ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠶᠢᠨ ᠭᠠᠷᠲᠠᠨ ᠭᠦᠶ᠋ᠴᠡᠳᠬᠡᠬᠦ ᠨᠠᠷᠢᠨ ᠲᠦᠷᠢᠮ︾ ︵ᠥᠪᠥᠷ ᠡᠮᠴᠢᠯᠡᠭᠡᠨ ᠤ ᠳᠠᠭᠠᠳᠬᠠᠯ ᠲᠠᠷᠬᠠᠭᠠᠭᠰᠠᠨ ︹2022︺ 16 ᠳ᠋ᠤᠭᠠᠷ ᠲᠣᠭᠠᠲᠤ︶᠎ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃                                    ᠨᠠᠶᠢᠷᠠᠭᠤᠯᠤᠭᠴᠢ᠄   ᠴᠧᠨ ᠰᠢᠶᠤᠤ ᠵᠢᠤᠸᠠᠨ                                    ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2