ᠨᠢᠭᠡ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠵᠠᠷᠴᠢᠮ ᠳᠡᠭᠡᠷ᠎ᠡ ᠪᠠᠨ ᠬᠤᠲᠠ ᠪᠠᠯᠭᠠᠰᠤᠨ ᠤ ᠠᠵᠢᠯᠲᠠᠨ | ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠥᠬᠡᠶ ᠮᠠᠨ ᠤ ᠰᠢᠶᠠᠨ ᠤ ᠬᠤᠲᠠ ᠬᠥᠳᠡᠭᠡ ᠶᠢᠨ | ᠰᠠᠭᠤᠭᠠᠯᠢ ᠠᠷᠠᠳ ᠴᠥᠮ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠬᠤ ᠬᠡᠷᠡᠭᠲᠡᠶ᠃ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠡᠲᠡᠭᠡᠳ ᠨᠢ ᠡᠷᠦᠬᠡ | ᠠᠮᠠ ᠶᠢᠨ ᠳᠠᠩᠰᠠ ᠪᠠᠶᠢᠭ᠎ᠠ ᠭᠠᠵᠠᠷ ᠲᠤ ᠪᠠᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠵᠤᠪ᠊ ᠤᠯᠤᠨ᠎ᠠ᠃ | ᠬᠤᠶᠠᠷ᠂ ᠰᠦᠢᠳᠬᠡᠯ ᠲᠤᠰᠢᠶᠠᠬᠤ ᠪᠠᠷᠢᠮᠵᠢᠶ᠎ᠠ 2025 ᠣᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ | ᠪᠣᠯ ᠬᠥᠮᠦᠨ ᠪᠦᠷᠢ ᠳᠤ 400 ᠲᠥᠭᠦᠷᠢᠭ ᠪᠣᠯᠤᠨ᠎ᠠ᠃ | ᠭᠤᠷᠪᠠ᠂ ᠰᠦᠢᠳᠬᠡᠯ ᠲᠤᠰᠢᠶᠠᠬᠤ ᠴᠠᠭ ᠵᠢᠴᠢ ᠣᠯᠭᠤᠮᠵᠢ ᠭᠥᠷᠳᠡᠨ᠎ᠡ ︵ᠨᠢᠭᠡ︶ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠬᠤ ᠴᠠᠭ ᠬᠤᠭᠤᠴᠠᠭ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠤᠷᠢᠳᠴᠢᠯᠠᠨ ᠰᠦᠢᠳᠬᠡᠯ ᠲᠤᠰᠢᠶᠠᠬᠤ ᠲᠦᠷᠢᠮ ᠢ | ᠬᠡᠷᠡᠭᠵᠢᠭᠦᠯᠵᠦ᠂ 2024 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ 2025 ᠣᠨ ᠤ 2 ᠰᠠᠷ᠎ᠠ ᠶᠢᠨ | 28 ᠤ ᠡᠳᠦᠷ ᠪᠣᠯᠲᠠᠯ᠎ᠠ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭ᠎ᠠ ᠪᠣᠯᠤᠨ᠎ᠠ᠃ ︵ᠬᠤᠶᠠᠷ︶ | ᠣᠯᠭᠤᠮᠵᠢ ᠬᠦᠯᠢᠶᠡᠬᠦ ᠬᠤᠭᠤᠴᠠᠭᠠᠨ ᠳᠤ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭᠠᠨ ᠳᠤ ᠰᠦᠢᠳᠬᠡᠯ | ᠲᠤᠰᠢᠶᠠᠬᠤ ᠳᠤ ᠣᠯᠭᠤᠮᠵᠢ ᠬᠦᠯᠢᠶᠡᠬᠦ ᠬᠤᠭᠤᠴᠠᠭ᠎ᠠ ᠭᠠᠷᠭᠠᠬᠤ ᠦᠭᠡᠶ᠃ ᠰᠢᠨ᠎ᠡ ᠲᠦᠷᠦᠭᠰᠡᠨ ᠬᠡᠤᠬᠡᠳ ᠵᠡᠷᠭᠡ | ᠣᠨᠴᠠᠭᠠᠶ ᠬᠠᠮᠲᠤᠯᠢᠭ ᠢ ᠭᠠᠷᠭᠠᠪᠠᠯ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠲᠥᠪᠯᠡᠷᠡᠭᠦᠯᠦᠨ | ᠳᠠᠭᠠᠳᠬᠠᠯ ᠳᠤ ᠣᠷᠣᠯᠴᠠᠭᠰᠠᠨ ᠥᠬᠡᠶ ᠪᠤᠶᠤ ᠦᠷᠭᠦᠯᠵᠢᠯᠡᠨ ᠳᠠᠭᠠᠳᠬᠠᠯ ᠳᠤ ᠣᠷᠣᠯᠴᠠᠭᠰᠠᠨ ᠥᠬᠡᠶ ᠬᠥᠮᠦᠰ ᠲᠤ | ᠳᠠᠭᠠᠳᠬᠠᠯ ᠳᠤ ᠣᠷᠣᠯᠴᠠᠭᠰᠠᠨ ᠤ ᠳᠠᠷᠠᠭᠠᠬᠢ ᠲᠣᠭᠲᠠᠮᠠᠯ ᠣᠯᠭᠤᠮᠵᠢ ᠬᠦᠯᠢᠶᠡᠬᠦ ᠬᠤᠭᠤᠴᠠᠭ᠎ᠠ ᠶᠢ 3 ᠰᠠᠷ᠎ᠠ | ᠲᠣᠬᠢᠷᠠᠭᠤᠯᠤᠨ᠎ᠠ᠃ ᠡᠭᠦᠨ ᠳᠤ᠂ ᠦᠷᠭᠦᠯᠵᠢᠯᠡᠨ ᠳᠠᠭᠠᠳᠬᠠᠯ ᠳᠤ ᠣᠷᠣᠯᠴᠠᠭᠰᠠᠨ ᠥᠬᠡᠶ ᠪᠠᠶᠢᠪᠠᠯ᠂ ᠳᠠᠭᠠᠳᠬᠠᠯ ᠢ | ᠢᠯᠡᠭᠦᠬᠡᠨ ᠲᠠᠰᠤᠯᠵᠤ ᠥᠭᠬᠦ ᠪᠦᠷᠢ 1 ᠵᠢᠯ ᠪᠠᠶᠢᠵᠤ᠂ ᠲᠣᠭᠲᠠᠮᠠᠯ ᠬᠠᠷᠠᠭᠠᠯᠵᠠᠯ ᠤᠨ ᠬᠦᠯᠢᠶᠡᠬᠦ ᠬᠤᠭᠤᠴᠠᠭᠠᠨ ᠤ | ᠰᠠᠭᠤᠷᠢᠨ ᠳᠡᠭᠡᠷ᠎ᠡ ᠬᠤᠪᠢᠷᠠᠯᠲᠠ ᠶᠢᠨ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ 1 ᠰᠠᠷ᠎ᠠ ᠨᠡᠮᠡᠭᠳᠡᠭᠦᠯᠵᠦ᠂ | ᠳᠠᠭᠠᠳᠬᠠᠯ ᠳᠤ ᠣᠷᠣᠯᠴᠠᠭᠰᠠᠳ ᠰᠦᠢᠳᠬᠡᠯ ᠲᠤᠰᠢᠶᠠᠬᠤ ᠶᠢ ᠵᠠᠰᠠᠨ ᠰᠡᠷᠭᠦᠭᠡᠬᠦ ᠬᠤᠪᠢᠷᠠᠯᠲᠠ ᠶᠢᠨ ᠬᠠᠷᠠᠭᠠᠯᠵᠠᠯ ᠤᠨ | ᠬᠦᠯᠢᠶᠡᠬᠦ ᠬᠤᠭᠤᠴᠠᠭ᠎ᠠ ᠶᠢ 1 ᠵᠢᠯ ᠢᠯᠡᠭᠦᠦ ᠲᠤᠰᠢᠶᠠᠵᠤ ᠪᠣᠯᠤᠨ᠎ᠠ᠂ 1 ᠵᠢᠯ ᠢᠯᠡᠭᠦᠦ ᠲᠤᠰᠢᠶᠠᠬᠤ ᠪᠦᠷᠢ 1 | ᠰᠠᠷ᠎ᠠ ᠶᠢᠨ ᠬᠤᠪᠢᠷᠠᠯᠲᠠ ᠶᠢᠨ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ ᠪᠠᠭᠠᠰᠬᠠᠵᠤ᠂ 4 ᠵᠢᠯ ᠵᠢᠴᠢ | ᠲᠡᠭᠦᠨ ᠠᠴᠠ ᠳᠡᠭᠡᠭᠰᠢ ᠦᠷᠭᠦᠯᠵᠢᠯᠡᠨ ᠲᠤᠰᠢᠶᠠᠵᠤ ᠪᠣᠯᠤᠨ᠎ᠠ᠂ ᠵᠠᠰᠠᠨ ᠰᠡᠷᠭᠦᠭᠡᠭᠰᠡᠨ ᠤ ᠳᠠᠷᠠᠭᠠᠬᠢ ᠲᠣᠭᠲᠠᠮᠠᠯ | ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠪᠠ ᠬᠤᠪᠢᠷᠠᠯᠲᠠ ᠶᠢᠨ ᠬᠠᠷᠠᠭᠠᠯᠵᠠᠯ ᠤᠨ ᠬᠦᠯᠢᠶᠡᠬᠦ ᠬᠤᠭᠤᠴᠠᠭᠠᠨ ᠤ | ᠨᠡᠶᠢᠯᠡᠪᠦᠷᠢ ᠶᠢ ᠵᠠᠷᠴᠢᠮ ᠳᠡᠭᠡᠷ᠎ᠡ ᠪᠠᠨ 6 ᠰᠠᠷ᠎ᠠ ᠠᠴᠠ ᠳᠤᠲᠠᠭᠤ ᠪᠠᠶᠢᠯᠭᠠᠵᠤ ᠪᠣᠯᠤᠨ᠎ᠠ᠃ ᠬᠠᠷᠠᠭᠠᠯᠵᠠᠯ ᠦᠵᠡᠭᠦᠯᠬᠦ | ᠬᠤᠭᠤᠴᠠᠭᠠᠨ ᠳᠤ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠶᠢ ᠬᠦᠷᠢᠲᠦᠵᠦ ᠪᠣᠯᠬᠤ ᠦᠭᠡᠢ᠃ ︵ᠭᠤᠷᠪᠠ︶ | ᠬᠠᠷᠠᠭᠠᠯᠵᠠᠯ ᠭᠥᠷᠳᠡᠬᠦ ᠴᠠᠭ ᠨᠢ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨ᠎ᠡ | ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ᠂ ᠣᠯᠭᠤᠮᠵᠢ | ᠬᠦᠷᠳᠡᠬᠦ ᠬᠤᠭᠤᠴᠠᠭ᠎ᠠ ᠨᠢ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2025 ᠣᠨ ᠤ 12 | ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠲᠥᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭ᠎ᠠ | ᠳᠠᠭᠤᠰᠬᠤ ᠠᠴᠠ ᠡᠮᠦᠨ᠎ᠡ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠬᠤᠲᠠ ᠬᠥᠳᠡᠭᠡ ᠶᠢᠨ | ᠰᠠᠭᠤᠭᠠᠯᠢ ᠠᠷᠠᠳ᠂ ᠣᠯᠭᠤᠮᠵᠢ ᠬᠦᠷᠲᠡᠬᠦ ᠬᠤᠭᠤᠴᠠᠭ᠎ᠠ ᠨᠢ ᠰᠦᠢᠳᠬᠡᠯ ᠲᠤᠰᠢᠶᠠᠬᠤ ᠡᠳᠦᠷ ᠠᠴᠠ ᠡᠬᠢᠯᠡᠨ | 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠦᠷᠭᠦᠯᠵᠢᠯᠡᠨ᠎ᠡ︔ ᠲᠥᠪᠯᠡᠷᠡᠭᠦᠯᠦᠨ | ᠰᠦᠢᠳᠭᠡᠯ ᠲᠤᠰᠢᠶᠠᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠣᠯᠭᠤᠮᠵᠢ ᠬᠦᠯᠢᠶᠡᠬᠦ ᠬᠤᠭᠤᠴᠠᠭ᠎ᠠ ᠶᠢᠨ ᠬᠠᠮᠢᠶ᠎ᠠ ᠪᠦᠬᠦᠢ | ᠲᠣᠭᠲᠠᠭᠠᠯ ᠢ ᠬᠡᠷᠡᠭᠵᠢᠭᠦᠯᠦᠨ᠎ᠡ᠃ | ᠳᠥᠷᠪᠡ᠂ ᠰᠦᠢᠳᠬᠡᠯ ᠲᠤᠰᠢᠶᠠᠬᠤ ᠠᠷᠭ᠎ᠠ ᠮᠠᠶ᠋ᠢᠭ | ᠬᠤᠲᠠ ᠬᠥᠳᠡᠭᠡ ᠶᠢᠨ ᠰᠠᠭᠤᠭᠠᠯᠢ ᠠᠷᠠᠳ ᠰᠦᠯᠵᠢᠶᠡᠨ ᠳᠡᠭᠡᠷ᠎ᠡ ᠪᠤᠶᠤ ᠰᠦᠯᠵᠢᠶᠡᠨ ᠭᠠᠳᠠᠨᠠᠬᠢ ᠠᠷᠭ᠎ᠠ | ᠮᠠᠶ᠋ᠢᠭ ᠢᠶᠠᠷ ᠳᠠᠮᠵᠢᠭᠤᠯᠤᠨ ᠰᠦᠢᠳᠬᠡᠯ ᠲᠤᠰᠢᠶᠠᠵᠤ ᠪᠣᠯᠤᠨ᠎ᠠ᠃ ᠰᠠᠭᠤᠭᠠᠯᠢ ᠠᠷᠠᠳ ᠭᠠᠶᠢᠯᠢ ᠶᠢᠨ ᠶᠠᠪᠤᠳᠠᠯ ᠤᠨ | ᠰᠠᠯᠠᠭ᠎ᠠ ᠮᠥᠴᠢᠷ ᠤᠨ ᠭᠠᠷ ᠤᠲᠠᠰᠤ ᠪᠠᠷ ᠰᠦᠢᠳᠭᠡᠯ ᠲᠤᠰᠢᠶᠠᠬᠤ ᠵᠢᠵᠢᠭ ᠫᠷᠤᠭ᠍ᠷᠠᠮ᠂ ᠮᠥᠩᠬᠡ ᠰᠤᠪᠠᠭ᠂ ᡁᠢ ᠹᠦ᠋ | ᠪᠣᠣ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠭᠠᠷ ᠤᠲᠠᠰᠤᠨ ᠤ APP ᠪᠠᠷ ᠪᠡᠶ᠎ᠡ ᠪᠠᠨ ᠳᠠᠭᠠᠭᠠᠵᠤ | ᠰᠦᠢᠳᠭᠡᠯ ᠲᠤᠰᠢᠶᠠᠵᠤ ᠪᠣᠯᠤᠨ᠎ᠠ᠂ ᠵᠢᠱᠢᠶᠡᠯᠡᠪᠡᠯ ᠲᠣᠰ ᠭᠠᠵᠠᠷ ᠲᠤ ᠠᠩᠬ᠎ᠠ ᠤᠳᠠᠭ᠎ᠠ ᠳᠠᠭᠠᠳᠬᠠᠯ ᠳᠤ ᠣᠷᠣᠯᠴᠠᠵᠤ | ᠳᠠᠩᠰᠠᠯᠠᠭᠰᠠᠨ ᠪᠤᠶᠤ ᠮᠡᠳᠡᠭᠡ ᠵᠠᠩᠭᠢ ᠨᠢ ᠪᠦᠷᠢᠨ ᠪᠤᠰᠤ ᠪᠣᠯ ᠤᠷᠢᠳᠠᠪᠠᠷ ᠬᠠᠷᠢᠶ᠎ᠠ ᠭᠠᠵᠠᠷ ᠤᠨ ᠡᠮᠴᠢᠯᠡᠭᠡᠨ ᠤ | ᠳᠠᠭᠠᠳᠬᠠᠯ ᠤᠨ ᠭᠠᠷᠲᠠᠨ ᠭᠦᠢᠴᠡᠳᠭᠡᠬᠦ ᠪᠠᠢᠭᠤᠯᠤᠮᠵᠢ ᠳᠤ ᠣᠴᠢᠵᠤ ᠬᠠᠮᠠᠭᠠᠯᠠᠬᠤ ᠮᠡᠳᠡᠭᠡ ᠵᠠᠩᠭᠢ ᠪᠠᠨ ᠳᠠᠷᠠᠭ᠎ᠠ | ᠰᠠᠶ᠋ᠢ ᠭᠠᠶᠢᠯᠢ ᠶᠢᠨ ᠶᠠᠪᠤᠳᠠᠯ ᠤᠨ ᠰᠦᠢᠳᠭᠡᠯ ᠲᠤᠰᠢᠶᠠᠬᠤ ᠦᠵᠦᠭᠦᠷ ᠢᠶᠠᠷ ᠳᠠᠮᠵᠢᠭᠤᠯᠤᠨ ᠰᠦᠢᠳᠭᠡᠯ ᠲᠤᠰᠢᠶᠠᠵᠤ | ᠪᠣᠯᠤᠨ᠎ᠠ᠃ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠴᠤ ᠭᠠᠶᠢᠯᠢ ᠶᠢᠨ ᠶᠠᠪᠤᠳᠠᠯ ᠤᠨ ᠴᠣᠩᠬᠤ ᠵᠢᠴᠢ | ᠰᠦᠯᠵᠢᠶᠡᠨ ᠭᠠᠳᠠᠨᠠᠬᠢ ᠰᠦᠢᠳᠬᠡᠯ ᠲᠤᠰᠢᠶᠠᠬᠤ ᠪᠤᠰᠤᠳ ᠠᠷᠭ᠎ᠠ ᠵᠠᠮ ᠳᠤ ᠬᠦᠷᠴᠦ ᠰᠦᠢᠳᠬᠡᠯ ᠲᠤᠰᠢᠶᠠᠵᠤ | ᠪᠣᠯᠤᠨ᠎ᠠ᠃ | ᠲᠠᠪᠤ᠂ ᠰᠦᠢᠳᠬᠡᠯ ᠪᠤᠴᠠᠭᠠᠬᠤ ᠲᠣᠭᠲᠠᠭᠠᠯ | ᠰᠦᠢᠳᠬᠡᠯ ᠲᠤᠰᠢᠶᠠᠬᠤ ᠬᠥᠮᠦᠰ 2024 ᠣᠨ ᠤ 12 ᠰᠠᠷ᠎ᠠ ᠶᠢᠨ 31 ᠤ ᠡᠳᠦᠷ ᠬᠠᠷᠠᠭᠠᠯᠵᠠᠯ ᠤᠨ | ᠬᠤᠭᠤᠴᠠᠭᠠᠨ ᠳᠤ ᠣᠷᠣᠬᠤ ᠠᠴᠠ ᠡᠮᠦᠨ᠎ᠡ᠂ ᠳᠠᠬᠢᠨ ᠳᠠᠪᠲᠠᠨ ᠰᠦᠢᠳᠬᠡᠯ ᠲᠤᠰᠢᠶᠠᠭᠰᠠᠨ ᠪᠤᠶᠤ ᠨᠠᠰᠤ | ᠪᠠᠷᠠᠭᠰᠠᠨ ᠢ ᠨᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠲᠠᠰ ᠳᠠᠷᠠᠭᠠᠯᠠᠯ ᠢᠶᠠᠷ ᠰᠦᠢᠳᠬᠡᠯ | ᠪᠤᠴᠠᠭᠠᠬᠤ ᠪᠠᠷ ᠭᠤᠶᠤᠴᠢᠯᠠᠵᠤ ᠪᠣᠯᠤᠨ᠎ᠠ᠂ 2025 ᠣᠨ ᠤ 1 ᠰᠠᠷ᠎ᠠ ᠶᠢᠨ 1 ᠤ ᠡᠳᠦᠷ ᠤᠨ ᠬᠠᠷᠠᠭᠠᠯᠵᠠᠯ ᠤᠨ | ᠬᠤᠭᠤᠴᠠᠭᠠᠨ ᠳᠤ ᠣᠷᠣᠭᠤᠯᠤᠭᠰᠠᠨ ᠤ ᠳᠠᠷᠠᠭ᠎ᠠ᠂ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠨᠢ ᠰᠦᠶ᠋ᠳᠬᠡᠯ | ᠪᠤᠴᠠᠭᠠᠬᠤ ᠥᠬᠡᠶ᠃ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ ᠪᠦᠬᠦ ᠵᠢᠯ ᠳᠤ ᠴᠥᠮ ᠰᠦᠢᠳᠬᠡᠯ | ᠪᠤᠴᠠᠭᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃ ᠪᠤᠰᠤᠳ ᠬᠤᠯᠪᠣᠭᠳᠠᠯ ᠪᠥᠬᠦᠶ ᠰᠦᠶ᠋ᠳᠬᠡᠯ | ᠪᠤᠴᠠᠭᠠᠭᠰᠠᠨ ᠪᠠᠶᠢᠳᠠᠯ᠂ ᠰᠢᠯᠵᠢᠭᠦᠯᠦᠨ ᠦᠷᠭᠦᠯᠵᠢᠯᠡᠭᠦᠯᠬᠦ ᠵᠡᠷᠭᠡ ᠭᠠᠷᠲᠠᠨ ᠭᠦᠶ᠋ᠴᠡᠳᠬᠡᠬᠦ ᠠᠵᠢᠯᠯᠠᠭ᠎ᠠ ᠶᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ | ᠬᠠᠮᠢᠶᠠᠷᠤᠯᠲᠠ ᠶᠢᠨ ᠭᠠᠷᠲᠠᠨ ᠭᠦᠶ᠋ᠴᠡᠳᠬᠡᠬᠦ ᠨᠠᠷᠢᠨ ᠲᠦᠷᠢᠮ︾ ︵ᠥᠪᠥᠷ ᠡᠮᠴᠢᠯᠡᠭᠡᠨ ᠤ ᠳᠠᠭᠠᠳᠬᠠᠯ | ᠲᠠᠷᠬᠠᠭᠠᠭᠰᠠᠨ ︹2022︺ 16 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | |