ᠮᠠᠨ ᠤ ᠰᠢᠶᠠᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/20
 ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢᠨ ᠲᠥᠯᠥᠭᠡ  ᠂ 10 ᠰᠠᠷ᠎ᠠ ᠶᠢᠨ 18 ᠤ ᠡᠳᠦᠷ᠂ ᠮᠠᠨ ᠤ ᠰᠢᠶᠠᠨ ᠢᠳᠡᠭᠡᠨ ᠪᠠ ᠡᠮ ᠤᠨ  ᠵᠤᠶᠢᠯ ᠤᠨ ᠠᠮᠤᠷ ᠲᠦᠪᠰᠢᠨ ᠤ ᠵᠥᠪᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠠᠩ ᠯᠸᠢ ᠬᠤᠷᠠᠯ ᠡᠷᠭᠢᠯᠡᠪᠡ᠃    ᠬᠤᠷᠠᠯ ᠠᠴᠠ ᠮᠠᠨ ᠤ ᠰᠢᠶᠠᠨ ᠤ ᠢᠳᠡᠭᠡᠨ ᠪᠠ ᠡᠮ ᠤᠨ  ᠵᠤᠶᠢᠯ ᠤᠨ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ︽ᠬᠤᠶᠠᠷ ᠬᠠᠷᠢᠭᠤᠴᠠᠯᠭ᠎ᠠ︾ ᠶᠢ ᠬᠢᠨᠠᠨ ᠵᠢᠯᠣᠭᠤᠳᠴᠤ ᠪᠠᠶᠢᠴᠠᠭᠠᠬᠤ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠢᠳᠡᠭᠡᠨ ᠤ ᠠᠮᠤᠷ ᠲᠦᠪᠰᠢᠨ ᠤ ᠵᠥᠪᠯᠡᠯ ᠤᠨ ᠪᠦᠷᠢᠯᠳᠦᠬᠦᠨ ᠨᠢᠭᠡᠴᠢ ᠶᠢᠨ ᠬᠢᠨ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠳᠠᠭᠠᠳᠬᠠᠯ ᠢ ᠳᠠᠭᠠᠭᠠᠴᠢᠯᠠᠬᠤ ᠠᠵᠢᠯ ᠤᠨ ᠬᠠᠮᠢᠶ᠎ᠠ ᠪᠥᠬᠦᠶ ᠪᠣᠯᠪᠠᠰᠤᠷᠠᠯ ᠬᠢᠪᠠ᠃    ᠵᠧᠩ ᠳ᠋ᠦᠩ ᠫᠢᠩ᠂ ᠭᠤᠣᠯᠳᠠᠯᠭ᠎ᠠ ᠶᠢ ᠳᠤᠪᠤᠶᠢᠯᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠷᠠᠳ ᠤᠯᠠᠨ ᠤ ᠢᠳᠡᠭᠡᠨ ᠤᠮᠳᠠᠭᠠᠨ ᠡᠮ ᠡᠮᠨᠡᠯᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠪᠥᠬᠦ ᠰᠢᠶᠠᠨ ᠤ ᠢᠳᠡᠭᠡᠨ ᠤ ᠠᠮᠤᠷ ᠲᠦᠪᠰᠢᠨ ᠤ ᠵᠠᠬ᠎ᠠ ᠳᠡᠯᠭᠡᠭᠦᠷ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ︽ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠢᠳᠬᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠣᠰᠣᠭᠠᠷ᠂ ᠦᠨᠡᠮᠯᠡᠯ ᠥᠬᠡᠶ᠂ ᠬᠠᠭᠤᠷᠮᠠᠭ ᠮᠠᠭᠤ ᠢᠳᠡᠭᠡᠨ  ᠤᠶᠢᠯᠡᠳᠴᠦ ᠪᠣᠷᠣᠯᠠᠭᠤᠯᠬᠤ ᠬᠠᠤᠯᠢ ᠲᠣᠭᠲᠠᠭᠠᠯ ᠠᠴᠠ ᠵᠥᠷᠢᠴᠡᠭᠰᠡᠨ  ᠤᠶᠢᠯᠡ ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠴᠦ᠂ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠡᠬᠢ ᠡᠭᠦᠰᠦᠯ ᠠᠴᠠ ᠨᠢ ᠠᠷᠢᠯᠭᠠᠬᠤ ᠪᠠ ᠪᠠᠭᠠᠰᠬᠠᠬᠤ ᠬᠡᠷᠡᠭᠲᠡᠶ᠃ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠬᠢᠵᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠤᠳᠤᠷᠢᠳᠤᠯᠭ᠎ᠠ ᠪᠠᠨ ᠴᠢᠩᠭᠠᠳᠬᠠᠵᠤ᠂ ︽ᠬᠡᠨ ᠭᠤᠤᠯᠴᠢᠯᠠᠨ ᠬᠠᠮᠢᠶᠠᠷᠴᠤ ᠪᠠᠶᠢᠪᠠᠯ ᠲᠡᠷᠡ ᠬᠠᠷᠢᠭᠤᠴᠠᠬᠤ︾ ᠵᠠᠷᠴᠢᠮ ᠤᠨ ᠶᠣᠰᠣᠭᠠᠷ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠬᠥᠲᠥᠯᠥᠨ ᠵᠢᠯᠣᠭᠤᠳᠴᠤ ᠪᠠᠶᠢᠭᠠᠳ ᠢᠳᠡᠭᠡᠨ ᠪᠠ ᠡᠮ ᠤᠨ ᠵᠦᠢᠯ ᠤᠨ ᠦᠢᠯᠡᠳᠪᠦᠷᠢᠯᠡᠯ᠂ ᠡᠵᠡᠩᠨᠡᠯᠲᠡ ᠶᠢᠨ ᠠᠵᠤ ᠠᠬᠤᠶᠢᠯᠠᠯ ᠤᠨ ᠨᠢᠭᠡᠳᠦᠭᠡᠷ ᠬᠠᠷᠢᠭᠤᠴᠠᠭᠴᠢ ᠶᠢᠨ ᠦᠵᠡᠯ ᠤᠬᠠᠮᠰᠠᠷ ᠢ ᠪᠣᠶ ᠪᠣᠯᠭᠠᠵᠤ᠂ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠲᠡᠶ᠃ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ︽ᠭᠤᠷᠪᠠᠨ ᠪᠢᠴᠢᠭ ᠨᠢᠭᠡ ᠵᠠᠬᠢᠳᠠᠯ︾ ᠢ ᠭᠦᠢᠴᠡᠳ ᠬᠡᠷᠡᠭᠯᠡᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠢᠳᠡᠭᠡᠨ ᠤ ᠠᠮᠤᠷ ᠲᠦᠪᠰᠢᠨ ᠢ ᠴᠢᠬᠤᠯᠠᠴᠢᠯᠠᠭᠰᠠᠨ ᠢᠶᠠᠷ ᠬᠦᠷᠦᠯᠴᠡᠬᠦ ᠥᠬᠡᠶ᠂ ︽ᠬᠤᠶᠠᠷ ᠬᠠᠷᠢᠭᠤᠴᠠᠯᠭ᠎ᠠ︾ ᠶᠢᠨ ᠠᠵᠢᠯ ᠢ ᠠᠬᠢᠭᠤᠯᠤᠭᠰᠠᠨ ᠢᠶᠠᠷ ᠤᠳᠠᠭᠠᠨ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠴᠠᠭ ᠲᠤᠬᠠᠶ ᠳᠤᠨᠢ ︽ᠰᠠᠨᠠᠭᠤᠯᠤᠨ ᠱᠠᠯᠠᠪᠳᠠᠭᠤᠯᠬᠤ ᠵᠠᠬᠢᠳᠠᠯ︾ ᠢ ᠭᠠᠷᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠭᠰᠠᠨ ᠥᠬᠡᠶ ᠪᠠᠶᠢᠪᠠᠯ᠂ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠤᠯᠠᠨ ᠲᠦᠮᠡᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃                               ᠨᠠᠶᠢᠷᠠᠭᠤᠯᠤᠭᠴᠢ᠄   ᠴᠧᠨ ᠰᠢᠶᠤᠤ ᠵᠢᠤᠸᠠᠨ                               ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2