ᠯᠢᠶᠠᠩᠴᠧᠩ ᠰᠢᠶᠠᠨ ︽ᠬᠤᠶᠠᠷ ᠥᠮᠡᠨ︾ ᠢ ᠰᠢᠭᠰᠢᠨ ᠪᠠᠶᠢᠴᠠᠭᠠᠵᠤ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠮᠠᠭᠠᠯᠠᠪᠠ
ᠨᠡᠶᠢᠲᠡᠯᠡᠭᠰᠡᠨ ᠴᠠᠭ᠄
2024/10/20
   ᠡᠮᠡᠭᠲᠡᠶᠢᠴᠦᠳ ᠤᠨ ᠥᠪᠡᠷ ᠢ ᠪᠠᠨ ᠡᠷᠡᠭᠦᠯᠵᠢᠭᠦᠯᠬᠦ ᠤᠬᠠᠮᠰᠠᠷ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠡᠮᠡᠭᠲᠡᠶᠢᠴᠦᠳ ᠤᠨ ︽ᠬᠤᠶᠠᠷ ᠥᠮᠡᠨ︾ ᠢ ᠡᠷᠲᠡ ᠣᠨᠣᠰᠢᠯᠠᠨ ᠡᠷᠲᠡ ᠵᠠᠰᠠᠬᠤ ᠶᠢ ᠠᠬᠢᠭᠤᠯᠪᠠ᠃ ᠡᠨᠡ ᠵᠢᠯ ᠠᠴᠠ ᠨᠠᠰᠢ᠂ ᠯᠢᠶᠠᠩᠴᠧᠩ ᠰᠢᠶᠠᠨ ᠤ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠪᠥᠬᠦ ᠰᠢᠶᠠᠨ ᠤ ᠵᠣᠬᠢᠬᠤ ᠨᠠᠰᠤᠨ ᠤ ᠡᠮᠡᠭᠲᠡᠶᠢᠴᠦᠳ ᠲᠤ ᠰᠦᠢᠳᠬᠡᠯ ᠬᠤᠷᠢᠶᠠᠬᠤ ᠥᠬᠡᠶ ᠪᠠᠷ ︽ᠰᠠᠪᠠ ᠶᠢᠨ ᠬᠦᠵᠦᠭᠦᠨ ᠤ ᠥᠮᠡᠨ᠂ ᠬᠥᠬᠦᠨ ᠪᠤᠯᠴᠢᠷᠬᠠᠶ ᠶᠢᠨ ᠥᠮᠡᠨ︾ ᠢ ᠰᠢᠭᠰᠢᠨ ᠪᠠᠶᠢᠴᠠᠭᠠᠵᠤ᠂ ᠥᠷᠭᠡᠨ ᠣᠯᠠᠨ ᠡᠮᠡᠭᠲᠡᠶᠢᠴᠦᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠠᠭᠠᠯᠠᠵᠤ ᠪᠠᠶᠢᠨ᠎ᠠ᠃    ᠣᠶᠢᠷ᠎ᠠ ᠳᠤ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠲᠤ᠂ ᠡᠮᠨᠡᠯᠭᠡ ᠶᠢᠨ ᠠᠵᠢᠯᠲᠠᠳ ᠪᠠᠶᠢᠴᠠᠭᠠᠯᠲᠠ ᠬᠦᠯᠢᠶᠡᠬᠦ ᠬᠥᠮᠦᠰ ᠲᠤ ᠬᠦᠯᠢᠴᠡᠩᠭᠦᠢ ᠪᠥᠭᠡᠳ ᠨᠠᠷᠢᠨ ᠨᠢᠮᠪᠠᠢ ᠳᠡᠩᠰᠡᠯᠡᠨ ᠲᠡᠮᠳᠡᠭᠯᠡᠬᠦ᠂ ᠬᠦᠰᠦᠨᠦᠭ ᠲᠠᠭᠯᠠᠬᠤ᠂ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠤᠨ ᠥᠭᠴᠦ᠂ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠠᠭᠤᠯᠭ᠎ᠠ᠂ ᠶᠠᠪᠤᠴᠠ ᠪᠠ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠵᠡᠷᠭᠡ ᠶᠢ ᠨᠠᠷᠢᠨ ᠬᠢᠨᠠᠮᠠᠭᠠᠶ ᠲᠠᠶᠢᠯᠪᠤᠷᠢᠯᠠᠵᠤ᠂ ᠡᠮᠡᠭᠲᠡᠶᠢᠴᠦᠳ ᠤᠨ ︽ᠬᠤᠶᠠᠷ ᠥᠮᠡᠨ ︾ ᠢ ᠰᠢᠭᠰᠢᠨ ᠪᠠᠶᠢᠴᠠᠭᠠᠬᠤ ᠲᠤᠬᠠᠶ ᠮᠡᠳᠡᠯᠭᠡ ᠵᠢᠴᠢ ᠰᠢᠭᠰᠢᠨ ᠪᠠᠶᠢᠴᠠᠭᠠᠬᠤ ᠲᠤᠬᠠᠶ ᠨᠠᠩ ᠰᠢᠭᠤᠳ᠂ ᠭᠦᠨᠵᠡᠭᠡᠶ ᠣᠶᠢᠯᠠᠭᠠᠯᠲᠠ ᠲᠠᠢ ᠪᠣᠯᠭᠠᠵᠤ᠂ ᠡᠮᠡᠭᠲᠡᠶᠢᠴᠦᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠪᠡ᠃ ᠯᠢᠶᠠᠩᠴᠧᠩ ᠰᠢᠶᠠᠨ ᠤ ᠬᠤᠩ ᠮᠤᠤ ᠪᠠᠯᠭᠠᠰᠤᠨ ᠤ ᠰᠠᠭᠤᠭᠠᠯᠢ ᠠᠷᠠᠳ ᠸᠠᠩ ᠵᠢᠶᠦ᠋ᠨ ᠴᠢᠩ   ᠨᠡᠶᠢᠭᠡᠮ ᠲᠣᠭᠤᠷᠢᠭ ᠪᠣᠯᠤᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠮᠡᠳᠡᠭᠳᠡᠯ᠂ ᠪᠢᠳᠡ ᠢᠷᠡᠵᠦ ︽ᠬᠤᠶᠠᠷ ᠥᠮᠡᠨ︾ ᠢ  ᠰᠢᠭᠰᠢᠨ ᠪᠠᠢᠴᠠᠭᠠᠬᠤ ᠨᠢ ᠡᠮᠡᠭᠲᠡᠢᠴᠦᠳ ᠤᠨ ᠡᠷᠡᠭᠦᠯ ᠮᠡᠨᠳᠦ ᠶᠢᠨ ᠲᠥᠯᠥᠭᠡ᠂ ᠪᠢ ᠶᠡᠭᠡ ᠰᠠᠢᠨ ᠰᠠᠨᠠᠭᠳᠠᠵᠤ ᠪᠠᠢᠨ᠎ᠠ᠃ ᠥᠨᠥᠳᠥᠷ ᠬᠢᠵᠦ ᠪᠠᠶᠢᠭ᠎ᠠ ᠨᠢ ᠲᠤᠩ ᠰᠠᠶᠢᠨ ᠰᠠᠨᠠᠭᠳᠠᠵᠤ᠂ ᠡᠮᠴᠢ ᠨᠠᠷ ᠤᠨ ᠣᠪᠣᠷ  ᠨᠡᠯᠢᠶᠡᠳ ᠰᠠᠶᠢᠨ᠂ ᠶᠡᠭᠡ ᠨᠠᠷᠢᠨ ᠬᠢᠨᠠᠮᠠᠭᠠᠢ᠂ ᠪᠢ  ᠶᠡᠭᠡ ᠰᠡᠳᠭᠢᠯ ᠬᠠᠨᠤᠮᠵᠢᠲᠠᠢ ᠪᠠᠶᠢᠨ᠎ᠠ᠃    ︽ᠬᠤᠶᠠᠷ ᠥᠮᠡᠨ︾ ᠢ ᠦᠨ᠎ᠡ ᠲᠥᠯᠥᠪᠦᠷᠢ ᠥᠬᠡᠶ ᠪᠠᠷ ᠰᠢᠭᠰᠢᠨ ᠪᠠᠶᠢᠴᠠᠭᠠᠬᠤ ᠲᠥᠷᠥᠯ ᠵᠦᠢᠯ ᠳᠤ ᠡᠮᠡᠭᠲᠡᠶ ᠶᠢᠨ ᠰᠠᠯᠠᠭᠠᠨ ᠤ ᠪᠠᠶᠢᠴᠠᠭᠠᠯᠲᠠ ᠪᠠ ᠰᠠᠪᠠ ᠶᠢᠨ ᠬᠦᠵᠦᠭᠦᠨ ᠤ ᠡᠰ ᠤᠨ ᠤᠬᠠᠭᠠᠨ ᠤ ᠪᠠᠶᠢᠴᠠᠭᠠᠯᠲᠠ ︵TCT︶ ᠪᠠᠭᠲᠠᠨ᠎ᠠ︔ ᠬᠥᠬᠦᠨ ᠪᠤᠯᠴᠢᠷᠬᠠᠶ ᠶᠢᠨ ᠡᠮᠴᠢᠯᠡᠭᠡᠨ ᠤ ᠪᠠᠶᠢᠴᠠᠭᠠᠯᠲᠠ ᠪᠠ ᠬᠥᠬᠦᠨ ᠪᠤᠯᠴᠢᠷᠬᠠᠶ ᠶᠢᠨ ᠪᠤᠳᠤᠭᠲᠤ ᠬᠡᠲᠦ ᠳᠣᠯᠭᠢᠶᠠᠨ ᠪᠠᠭᠲᠠᠨ᠎ᠠ᠃ 2022 ᠣᠨ ᠤ ︽ᠬᠤᠶᠠᠷ ᠥᠮᠡᠨ︾ ᠢ ᠰᠦᠢᠳᠬᠡᠯ ᠬᠤᠷᠢᠶᠠᠬᠤ ᠥᠬᠡᠶ ᠪᠠᠷ ᠰᠢᠭᠰᠢᠨ ᠪᠠᠶᠢᠴᠠᠭᠠᠬᠤ ᠠᠵᠢᠯ ᠢ ᠡᠬᠢᠯᠡᠭᠦᠯᠦᠭᠰᠡᠨ ᠠᠴᠠ ᠨᠠᠰᠢ᠂ ᠯᠢᠶᠠᠩᠴᠧᠩ ᠰᠢᠶᠠᠨ ᠤ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠨᠢᠭᠡᠨᠲᠡ 11200 ᠭᠠᠷᠤᠶ ᠡᠮᠡᠭᠲᠡᠶᠢᠴᠦᠳ ᠲᠤ ᠪᠠᠶᠢᠴᠠᠭᠠᠯᠲᠠ ᠬᠢᠵᠦ᠂ ᠥᠷᠭᠡᠨ ᠣᠯᠠᠨ ᠡᠮᠡᠭᠲᠡᠶᠢᠴᠦᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠯᠢᠶᠠᠩᠴᠧᠩ ᠰᠢᠶᠠᠨ ᠤ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠤᠬᠠᠭᠤᠯᠤᠨ ᠳᠠᠶᠢᠴᠢᠯᠠᠬᠤ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠡᠩ ᠰᠢᠯᠢᠳᠡᠭ ᠦᠢᠯᠡᠴᠢᠯᠡᠭᠡ ᠪᠠᠷ ︽ᠬᠤᠶᠠᠷ ᠥᠮᠡᠨ︾ ᠢ ᠦᠨ᠎ᠡ ᠲᠥᠯᠥᠪᠦᠷᠢ ᠦᠭᠡᠢ ᠪᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠷᠢᠯᠢᠭ ᠨᠠᠶᠢᠳᠠᠪᠤᠷᠢᠵᠢᠭᠤᠯᠬᠤ ᠶᠢ ᠲᠠᠰᠤᠷᠠᠯᠲᠠ ᠦᠭᠡᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠡᠮᠡᠭᠲᠡᠶᠢᠴᠦᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠯᠠᠮᠵᠢᠯᠠᠵᠤ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃    ᠯᠢᠶᠠᠩᠴᠧᠩ ᠰᠢᠶᠠᠨ ᠤ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠤᠨ ᠬᠠᠯᠠᠭᠤᠨ ᠳᠣᠲᠣᠨᠣ ᠰᠠᠨᠠᠭᠤᠯᠤᠮᠵᠢ᠄ ᠡᠨᠡ ᠵᠢᠯ ᠤᠨ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠡᠳᠦᠷ ᠬᠤᠭᠤᠴᠠᠭ᠎ᠠ 2024 ᠣᠨ ᠤ 10 ᠰᠠᠷ᠎ᠠ ᠶᠢᠨ 30 ᠤ ᠡᠳᠦᠷ ᠪᠣᠯᠲᠠᠯ᠎ᠠ ᠶᠠᠪᠤᠭᠳᠠᠨ᠎ᠠ᠃ 35 - 64 ᠪᠦᠬᠦᠯᠢ ᠨᠠᠰᠤ᠂ 2022.1 - 2024.10.10 ᠰᠢᠭᠰᠢᠨ ᠪᠠᠶᠢᠴᠠᠭᠠᠯᠲᠠ ᠶᠢ ᠬᠦᠯᠢᠶᠡᠭᠰᠡᠨ ᠦᠭᠡᠢ ᠡᠮᠡᠭᠲᠡᠢ ᠠᠬ᠎ᠠ ᠳᠡᠭᠦᠦ ᠨᠡᠷ ᠪᠦᠬᠦᠨ ᠳᠤ ᠠᠯᠢ ᠲᠦᠷᠭᠡᠨ ᠢᠶᠠᠷ ᠰᠢᠶᠠᠨ ᠤ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠲᠤ ᠬᠦᠷᠴᠦ ᠰᠦᠢᠳᠬᠡᠯ ᠬᠤᠷᠢᠶᠠᠬᠤ ᠦᠭᠡᠢ ᠪᠠᠷ ᠰᠢᠭᠰᠢᠨ ᠪᠠᠶᠢᠴᠠᠭᠠᠯᠲᠠ ᠬᠢᠵᠦ᠂ ᠭᠤᠶᠤ ᠰᠠᠶᠢᠬᠠᠨ ᠪᠡᠯᠡᠭ ᠬᠦᠷᠭᠡᠪᠡ᠃                               ᠨᠠᠶᠢᠷᠠᠭᠤᠯᠤᠭᠴᠢ᠄   ᠴᠧᠨ ᠰᠢᠶᠤᠤ ᠵᠢᠤᠸᠠᠨ                               ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2