ᠯᠢᠶᠠᠩᠴᠧᠩ ᠰᠢᠶᠠᠨ ᠤ ᡁᠢ ᠷᠦᠢ ᠲᠠᠷᠢᠶᠠᠯᠠᠩ ᠤᠨ ᠬᠢᠵᠠᠭᠠᠷᠲᠤ ᠺᠣᠮᠫᠠᠨᠢ᠄ ᠨᠠᠷᠢᠮᠤ ᠶᠢᠨ ᠠᠵᠤ ᠦᠢᠯᠡᠰ ᠤᠨ ᠬᠡᠯᠬᠢᠶ᠎ᠡ ᠶᠢᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠵᠤ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/10/22
  ᠯᠢᠶᠠᠩᠴᠧᠩ ᠰᠢᠶᠠᠨ ᠤ ᡁᠢ ᠷᠦᠢ ᠲᠠᠷᠢᠶᠠᠯᠠᠩ ᠤᠨ ᠬᠢᠵᠠᠭᠠᠷᠲᠤ ᠺᠣᠮᠫᠠᠨᠢ ᠯᠢᠶᠠᠩᠴᠧᠩ ᠰᠢᠶᠠᠨ ᠤ 6 ᠲᠦᠮᠡᠨ ᠮᠥ ᠣᠷᠭᠠᠨᠢᠭ ᠬᠠᠭᠤᠷᠠᠶ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠳᠤ ᠲᠦᠰᠢᠭᠯᠡᠨ᠂ ᠯᠢᠶᠠᠩᠴᠧᠩ ᠰᠢᠶᠠᠨ ᠤ ᠴᠢᠨᠠᠷ ᠰᠠᠶᠢᠲᠠᠶ ᠨᠠᠷᠢᠮᠤ ᠠᠮᠤ ᠶᠢᠨ ᠬᠠᠷ᠎ᠠ ᠠᠮᠤ ᠪᠠᠷ ᠲᠦᠭᠦᠬᠡᠶ ᠮᠠᠲ᠋ᠧᠷᠢᠶᠠᠯ ᠪᠣᠯᠭᠠᠵᠤ᠂ ᠨᠠᠷᠢᠯᠢᠭ ᠡᠳ᠋ᠰᠢᠭᠦᠯᠵᠦ᠂ ᠪᠣᠷᠣᠯᠠᠭᠤᠯᠬᠤ ᠠᠷᠭ᠎ᠠ ᠵᠠᠮ ᠢᠶᠠᠨ ᠥᠷᠭᠡᠳᠬᠡᠬᠦ ᠶᠢᠨ ᠬᠠᠮᠲᠤ᠂ ᠡᠷᠬᠢᠨ ᠲᠣᠭᠤᠷᠢᠨ ᠤ ᠲᠠᠷᠢᠶᠠᠴᠢᠨ ᠡᠷᠦᠬᠡ ᠶᠢᠨ ᠠᠮᠤ ᠪᠤᠳᠠᠭ᠎ᠠ ᠬᠤᠳᠠᠯᠳᠤᠬᠤ ᠳᠤ ᠬᠦᠴᠢᠷᠲᠡᠶ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠤᠷᠢᠯᠡᠵᠦ᠂ ︽ᠯᠢᠶᠠᠩᠴᠧᠩ ᠤᠨ ᠬᠠᠭᠤᠷᠠᠶ ᠠᠮᠤ ᠪᠤᠳᠠᠭ᠎ᠠ︾᠎ ᠶᠢᠨ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠪᠠ᠃ ᠳᠠᠭ᠎ᠠ ᠶᠢᠨ ᠨᠠᠭᠤᠷ ᠪᠠᠯᠭᠠᠰᠤᠨ ᠤ ᠲᠠᠪᠤᠳᠤᠭᠠᠷ ᠰᠤᠮᠤ ᠲᠣᠰᠬᠤᠨ ᠳᠤ ᠪᠠᠶᠢᠭ᠎ᠠ ᠯᠢᠶᠠᠩᠴᠧᠩ ᠰᠢᠶᠠᠨ ᠤ ᡁᠢ ᠷᠦᠢ ᠲᠠᠷᠢᠶᠠᠯᠠᠩ ᠤᠨ ᠬᠢᠵᠠᠭᠠᠷᠲᠤ ᠺᠣᠮᠫᠠᠨᠢ ᠳᠤ ᠣᠷᠣᠬᠤ ᠳᠤ᠂ ᠨᠠᠷᠢᠮᠤ ᠶᠢᠨ ᠲᠣᠮᠣ ᠬᠡᠯᠪᠡᠷᠢ ᠶᠢᠨ ᠠᠴᠢᠶᠠᠨ ᠤ ᠮᠠᠰᠢᠨ᠂ ᠭᠤᠷᠪᠠᠨ ᠬᠦᠷᠳᠦᠲᠦ ᠲᠡᠷᠭᠡ ᠶᠠᠭ ᠡᠮᠬᠢ ᠵᠢᠷᠤᠮ ᠲᠠᠢ ᠪᠠᠷ ᠮᠥᠷᠯᠡᠨ ᠪᠠᠷᠠᠭ᠎ᠠ ᠪᠠᠭᠤᠯᠭᠠᠵᠤ᠂ ᠨᠢᠭᠡ ᠤᠭᠤᠲᠠ ᠠᠯᠲᠠᠨ ᠰᠢᠷᠭᠠᠯ ᠨᠠᠷᠢᠮᠤ ᠪᠣᠯᠪᠠᠰᠤᠷᠠᠭᠤᠯᠬᠤ ᠲᠠᠰᠤᠭ ᠲᠤ ᠪᠠᠭᠤᠪᠠ᠃ ᠬᠠᠵᠠᠭᠤ ᠬᠠᠪᠢ ᠶᠢᠨ ᠦᠢᠯᠡᠳᠪᠦᠷᠢᠯᠡᠯ ᠤᠨ ᠲᠠᠰᠤᠭ ᠲᠤ ᠳᠠᠭᠤᠨ ᠨᠢᠵᠢᠭᠢᠨᠡᠵᠦ᠂ ᠠᠮᠤ ᠮᠥᠯᠢᠬᠦ ᠮᠠᠰᠢᠨ᠂ ᠠᠮᠤ ᠴᠠᠶᠢᠯᠭᠠᠬᠤ ᠮᠠᠰᠢᠨ ᠵᠡᠷᠭᠡ ᠲᠥᠬᠦᠭᠡᠷᠦᠮᠵᠢ ᠲᠠᠰᠤᠷᠠᠯᠲᠠ ᠦᠭᠡᠢ ᠡᠷᠭᠢᠯᠳᠦᠵᠦ᠂ ᠠᠵᠢᠯᠴᠢᠳ ᠨᠠᠷᠢᠮᠤ ᠶᠢ ᠮᠠᠰᠢᠨ ᠳᠣᠲᠣᠷ᠎ᠠ ᠴᠢᠳᠬᠤᠨ ᠣᠷᠣᠭᠤᠯᠵᠤ᠂ ᠨᠡᠭᠡᠭᠡᠯᠭᠡ ᠶᠢ ᠬᠥᠩᠭᠡᠬᠡᠨ ᠳᠠᠷᠤᠵᠤ᠂ ᠠᠮᠤ ᠴᠠᠶᠢᠯᠭᠠᠬᠤ᠂ ᠭᠢᠯᠠᠶᠢᠯᠭᠠᠬᠤ ᠵᠡᠷᠭᠡ ᠠᠯᠢ ᠣᠯᠠᠨ ᠫᠷᠤᠭ᠍ᠷᠠᠮ ᠢ ᠨᠢᠭᠡ ᠯᠡ ᠠᠮᠢᠰᠬᠤᠭ᠎ᠠ ᠪᠠᠷ ᠬᠢᠵᠦ᠂ ᠨᠢᠭᠡ ᠮᠥᠬᠦᠯᠢᠭ ᠨᠢ ᠠᠯᠲᠠᠨ ᠰᠢᠷᠭᠠᠯ ᠴᠢᠨᠠᠷ ᠰᠠᠶᠢᠲᠠᠶ ᠨᠠᠷᠢᠮᠤ ᠶᠢ ᠨᠠᠷᠢᠯᠢᠭ ᠰᠣᠩᠭᠤᠨ ᠭᠠᠷᠭᠠᠵᠤ᠂ ᠤᠭᠤᠲᠠᠨ ᠳᠤ ᠲᠡᠷᠢ ᠲᠡᠭᠰᠢ ᠨᠣᠮᠧᠷ ᠪᠣᠯᠭᠠᠨ ᠦᠢᠯᠡᠳᠪᠦᠷᠢ ᠶᠢᠨ ᠲᠠᠰᠤᠭ ᠲᠤ ᠲᠠᠯᠪᠢᠵᠤ ᠵᠡᠷᠭᠡ ᠰᠢᠯᠵᠢᠭᠦᠯᠦᠨ ᠪᠣᠷᠣᠯᠠᠭᠤᠯᠵᠤ ᠪᠠᠶᠢᠨ᠎ᠠ᠃ ᠡᠶᠢᠮᠦᠷᠬᠦ ᠠᠵᠤ ᠦᠢᠯᠡᠰ ᠤᠨ ᠬᠡᠯᠬᠢᠶ᠎ᠡ ᠨᠢ ᠲᠠᠷᠢᠮᠠᠯ ᠤᠨ ᠡᠷᠦᠬᠡ ᠳᠤ ᠲᠥᠬᠦᠮ ᠦᠵᠡᠭᠦᠯᠦᠭᠰᠡᠨ ᠢᠶᠠᠷ ᠪᠠᠷᠠᠬᠤ ᠥᠬᠡᠶ᠂ ᠲᠤᠬᠠᠶ ᠶᠢᠨ ᠭᠠᠵᠠᠷ ᠤᠨ ᠢᠯᠡᠭᠦᠴᠡ ᠬᠥᠳᠡᠯᠮᠦᠷᠢ ᠬᠦᠴᠦᠨ ᠳᠤ ᠠᠵᠢᠯ ᠣᠯᠭᠤᠬᠤ ᠲᠣᠬᠢᠶᠠᠯ ᠬᠠᠩᠭᠠᠭᠰᠠᠨ ᠪᠠᠶᠢᠨ᠎ᠠ᠃
   ᠡᠨᠡ ᠵᠢᠯ 66 ᠨᠠᠰᠤᠲᠠᠶ ᠵᠣᠣ ᠫᠢᠩ ᠪᠦᠦ ᠪᠣᠯ ᠳᠠᠭ᠎ᠠ ᠶᠢᠨ ᠨᠠᠭᠤᠷ ᠪᠠᠯᠭᠠᠰᠤᠨ ᠤ ᠲᠠᠪᠤᠳᠤᠭᠠᠷ ᠰᠤᠮᠤ ᠲᠣᠰᠬᠤᠨ ᠤ ᠠᠷᠠᠳ ᠪᠣᠯᠤᠨ᠎ᠠ᠂ ᠤᠤᠯ ᠨᠢ ᠠᠷᠰᠠᠷ ᠠᠵᠢᠯ ᠬᠢᠬᠦ ᠳᠤ ᠲᠦᠰᠢᠭᠯᠡᠵᠦ ᠠᠮᠢᠳᠤᠷᠠᠳᠠᠭ᠂ ᠵᠣᠭᠤᠰ ᠪᠠᠭ᠎ᠠ ᠣᠯᠬᠤ ᠨᠢ ᠪᠠᠰᠠ ᠴᠤ ᠲᠣᠭᠲᠠᠭᠤᠨ ᠪᠢᠰᠢ ᠪᠠᠶᠢᠵᠠᠢ᠃ ᠲᠣᠰᠬᠤᠨ ᠤ ᠠᠷᠠᠳ ᠵᠤᠤ ᠫᠢᠩ ᠪᠦᠦ     ᠠᠳᠡ ᠨᠠᠷᠢᠮᠤ ᠪᠣᠯᠪᠠᠰᠤᠷᠠᠭᠤᠯᠬᠤ ᠦᠢᠯᠡᠳᠪᠦᠷᠢ ᠡᠷᠬᠢᠯᠡᠵᠦ ᠪᠠᠶᠢᠨ᠎ᠠ᠂ ᠨᠢᠭᠡ ᠰᠠᠷ᠎ᠠ ᠳᠤ ᠲᠠᠪᠤᠨ ᠮᠢᠩᠬᠠᠨ ᠵᠣᠭᠤᠰ ᠣᠯᠵᠤ ᠳᠡᠶᠢᠯᠦᠨ᠎ᠡ᠂ ᠪᠢ ᠪᠠᠰᠠ ᠲᠤᠩ ᠬᠠᠨᠤᠮᠵᠢᠲᠠᠢ᠃    ᠯᠢᠶᠠᠩᠴᠧᠩ ᠰᠢᠶᠠᠨ ᠤ ᡁᠢ ᠷᠦᠢ ᠲᠠᠷᠢᠶᠠᠯᠠᠩ ᠤᠨ ᠬᠢᠵᠠᠭᠠᠷᠲᠤ ᠺᠣᠮᠫᠠᠨᠢ 2023 ᠣᠨ ᠳᠤ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠺᠣᠮᠫᠠᠨᠢ ᠶᠢᠨ ᠡᠵᠡᠯᠡᠬᠦ ᠲᠠᠯᠠᠪᠠᠶ ᠨᠢ 1 ᠲᠦᠮᠡᠨ ᠲᠡᠭᠰᠢ ᠳᠥᠷᠪᠡᠯᠵᠢᠨ  ᠮᠧᠲᠷ ᠪᠠᠶᠢᠵᠤ ᠂ ᠡᠭᠦᠨ ᠳᠤ ᠦᠢᠯᠡᠳᠪᠦᠷᠢᠯᠡᠯ ᠤᠨ ᠲᠠᠰᠤᠭ ᠤᠨ ᠡᠵᠡᠯᠡᠬᠦ ᠲᠠᠯᠠᠪᠠᠶ ᠨᠢ 2000 ᠲᠡᠭᠰᠢ ᠳᠥᠷᠪᠡᠯᠵᠢᠨ ᠮᠧᠲᠷ  ᠪᠣᠯᠤᠨ᠎ᠠ᠃ ᠨᠢᠳᠤᠨᠤᠨ ᠨᠡᠶᠢᠲᠡ 4000 ᠭᠠᠷᠤᠶ ᠲᠣᠨ ᠨᠠᠷᠢᠮᠤ ᠬᠤᠳᠠᠯᠳᠤᠨ ᠠᠪᠴᠤ᠂ ᠣᠳᠣᠬᠠᠨ ᠳᠤ ᠨᠠᠷᠢᠮᠤ ᠠᠮᠤ ᠶᠢᠨ ᠡᠳᠦᠷ ᠤᠨ ᠭᠠᠷᠤᠯᠲᠠ 60 ᠭᠠᠷᠤᠶ ᠲᠣᠨ ᠳᠤ ᠬᠦᠷᠬᠦ ᠶᠢᠨ ᠬᠠᠮᠲᠤ ᠡᠷᠭᠢᠨ ᠲᠣᠭᠤᠷᠢᠨ ᠤ ᠠᠷᠪᠠ ᠭᠠᠷᠤᠶ ᠣᠯᠠᠨ ᠲᠦᠮᠡᠨ ᠢ ᠦᠢᠯᠡᠳᠪᠦᠷᠢ ᠳᠤ ᠣᠷᠣᠭᠤᠯᠵᠤ ᠬᠦᠴᠦ ᠶᠠᠪᠤᠭᠤᠯᠪᠠ᠃ ᠺᠣᠮᠫᠠᠨᠢ ᠪᠠᠰᠠ ᠲᠣᠰᠬᠤᠨ ᠠᠵᠤ ᠠᠬᠤᠶᠢᠯᠠᠯ ᠤᠨ ᠬᠠᠮᠲᠤᠷᠠᠯᠴᠠᠭᠠᠨ ᠤ ᠵᠠᠭᠪᠤᠷ ᠢᠶᠠᠷ ᠳᠠᠮᠵᠢᠭᠤᠯᠤᠨ᠂ ᠲᠣᠰᠬᠤᠨ ᠤ ᠬᠠᠮᠲᠤ ᠨᠡᠶᠢᠲᠡ ᠳᠤ ᠵᠢᠯ ᠤᠨ ᠠᠰᠢᠭ ᠣᠷᠣᠯᠭ᠎ᠠ 10 ᠲᠦᠮᠡᠨ ᠲᠥᠭᠦᠷᠢᠭ ᠠᠪᠴᠢᠷᠠᠭᠰᠠᠨ ᠪᠠᠶᠢᠨ᠎ᠠ᠃                                          ᠨᠠᠶᠢᠷᠠᠭᠤᠯᠤᠭᠴᠢ᠄   ᠴᠧᠨ ᠰᠢᠶᠤᠤ ᠵᠢᠤᠸᠠᠨ                                          ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2