ᠯᠢᠶᠠᠩᠴᠧᠩ ᠰᠢᠶᠠᠨ᠄ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢᠨ ᠬᠡᠷᠡᠭᠯᠡᠭᠡ ᠶᠢ ᠳᠠᠶᠢᠴᠢᠯᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/10/22
   ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠠᠭᠤᠳᠠᠯᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠭᠡᠬᠦ ᠶᠢᠨ ᠲᠥᠯᠥᠭᠡ᠂ ᠤᠯᠤᠰ ᠤᠨ ᠪᠠᠶᠠᠷ ᠠᠴᠠ ᠨᠠᠰᠢ᠂ ᠯᠢᠶᠠᠩᠴᠧᠩ ᠰᠢᠶᠠᠨ ᠬᠡᠷᠡᠭᠯᠡᠭᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠬᠤ ᠶᠢᠨ ᠬᠠᠮᠲᠤ ᠬᠡᠷᠡᠭᠯᠡᠭᠡ ᠶᠢ ᠳᠠᠶᠢᠴᠢᠯᠠᠬᠤ ᠦᠢᠯᠡᠳᠦᠯ ᠢᠶᠠᠷ ᠨᠡᠯᠢᠶᠡᠳ ᠶᠡᠭᠡ ᠭᠡᠷ ᠤᠨ ᠴᠠᠬᠢᠯᠭᠠᠨ ᠬᠡᠷᠡᠭᠰᠡᠯ᠂ ᠢᠳᠡᠭᠡᠨ ᠤᠮᠳᠠᠭᠠᠨ ᠵᠡᠷᠭᠡ ᠭᠤᠣᠯᠳᠠᠯᠭ᠎ᠠ ᠲᠠᠢ ᠬᠡᠷᠡᠭᠯᠡᠭᠡᠨ ᠤ ᠬᠦᠷᠢᠶᠡᠨ ᠳᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠦᠷᠦ ᠶᠢᠨ ᠪᠤᠳᠤᠯᠭ᠎ᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠬᠠᠷᠠᠭᠠᠯᠵᠠᠯ ᠨᠢ ᠬᠡᠷᠡᠭᠯᠡᠭᠴᠢᠳ ᠲᠤ ᠰᠢᠭᠤᠳ ᠬᠦᠷᠭᠡᠬᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠶᠢ ᠪᠠᠲᠤᠯᠠᠵᠤ᠂ ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠷᠭᠦᠯᠵᠢᠯᠡᠨ ᠴᠡᠴᠡᠭᠯᠡᠨ ᠬᠥᠭᠵᠢᠬᠦ ᠶᠢ ᠬᠦᠴᠦᠲᠡᠢ ᠠᠬᠢᠭᠤᠯᠪᠠ᠃
      ᠬᠡᠷ ᠤᠨ ᠴᠠᠬᠢᠯᠭᠠᠨ ᠬᠡᠷᠡᠭᠰᠡᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭ᠎ᠠ ᠶᠢ ᠠᠬᠢᠭᠤᠯᠬᠤ ᠲᠤᠬᠠᠶ ᠶᠢᠨ ᠲᠠᠯᠠᠪᠠᠶ ᠳᠤ᠂ ᠬᠡᠷ ᠤᠨ ᠴᠠᠬᠢᠯᠭᠠᠨ ᠬᠡᠷᠡᠭᠰᠡᠯ ᠰᠣᠯᠢᠵᠤ ᠬᠤᠳᠠᠯᠳᠤᠨ ᠠᠪᠬᠤ ᠪᠠ ᠠᠰᠠᠭᠤᠨ ᠯᠠᠪᠯᠠᠬᠤ ᠰᠠᠭᠤᠭᠠᠯᠢ ᠠᠷᠠᠳ ᠲᠠᠰᠤᠷᠠᠯᠲᠠ ᠥᠬᠡᠶ ᠣᠯᠠᠰᠢᠷᠠᠵᠤ᠂ ᠬᠤᠳᠠᠯᠳᠤᠨ ᠠᠪᠬᠤ ᠬᠥᠮᠦᠰ ᠤᠨ ᠠᠵᠢᠯᠯᠠᠭᠠᠨ ᠤ ᠠᠭᠤᠯᠭ᠎ᠠ ᠶᠢ ᠬᠦᠯᠢᠴᠡᠩᠭᠦᠶ ᠪᠠᠷ ᠲᠠᠨᠢᠯᠴᠠᠭᠤᠯᠬᠤ ᠶᠢᠨ ᠬᠠᠮᠲᠤ ᠬᠡᠷ ᠤᠨ ᠴᠠᠬᠢᠯᠭᠠᠨ ᠬᠡᠷᠡᠭᠰᠡᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠠ ᠦᠨ᠎ᠡ ᠪᠠᠭᠤᠷᠠᠭᠤᠯᠤᠨ ᠬᠠᠷᠠᠭᠠᠯᠵᠠᠯ ᠦᠵᠡᠭᠦᠯᠵᠦ᠂ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ᠂ ᠴᠢᠨᠠᠷ ᠰᠠᠶᠢᠲᠠᠶ  ᠤᠶᠢᠯᠡᠳᠭᠦᠨ ᠢ ᠲᠠᠨᠢᠯᠴᠠᠭᠤᠯᠵᠤ᠂ ᠰᠠᠭᠤᠭᠠᠯᠢ ᠠᠷᠠᠳ ᠤᠨ ᠪᠠᠷᠠᠭ᠎ᠠ ᠬᠤᠳᠠᠯᠳᠤᠨ ᠠᠪᠬᠤ ᠬᠡᠷᠡᠭᠴᠡᠭᠡ ᠶᠢ ᠬᠠᠩᠭᠠᠭᠰᠠᠨ ᠪᠠᠶᠢᠨ᠎ᠠ᠃
   ᠬᠤᠩ ᠮᠤᠤ ᠪᠠᠯᠭᠠᠰᠤᠨ ᠤ ᠰᠠᠭᠤᠭᠠᠯᠢ ᠠᠷᠠᠳ ᠵᠢᠶᠠ ᠶᠦᠩ ᠹᠠᠩ ︽ᠶᠦᠨ ᠱᠠᠨ ᠹᠦ᠋︾ ᠲᠠᠪᠴᠠᠩ ᠢᠶᠠᠷ ᠳᠠᠮᠵᠢᠭᠤᠯᠤᠨ ᠶᠡᠭᠡ ᠬᠡᠮᠵᠢᠶᠡᠨ ᠤ ᠬᠡᠷᠡᠭᠯᠡᠭᠡᠨ ᠤ ᠲᠡᠮᠳᠡᠭᠲᠦ ᠶᠢ ᠵᠠᠪᠳᠤᠵᠤ᠂ ᠲᠤᠬᠠᠶ ᠶᠢᠨ ᠲᠠᠯᠠᠪᠤᠷ ᠲᠤ ᠰᠣᠯᠢᠨ ᠰᠣᠯᠢᠭᠰᠠᠨ ᠤ ᠳᠠᠷᠠᠭ᠎ᠠ᠂ ᠬᠠᠷᠠᠭᠠᠯᠵᠠᠯ ᠤᠨ ᠡᠷᠴᠢᠮ ᠶᠡᠭᠡ᠂ ᠦᠨ᠎ᠡ ᠨᠢ ᠣᠨᠴᠠᠭᠠᠶ ᠬᠢᠮᠳᠠ ᠪᠠᠶᠢᠬᠤ ᠶᠢ ᠰᠡᠷᠡᠵᠦ ᠮᠡᠳᠡᠪᠡ᠂ ᠬᠦᠤ ᠬᠤᠷᠢᠮ ᠤᠨ ᠬᠤᠷᠢᠮ ᠳᠤ ᠬᠡᠷᠡᠭᠰᠡᠬᠦ ᠬᠦᠯᠳᠡᠭᠡᠭᠦᠷ᠂ ᠲᠧᠯᠸᠢᠰ᠂ ᠬᠤᠪᠴᠠᠰᠤ ᠤᠬᠢᠶᠠᠬᠤ ᠮᠠᠰᠢᠨ᠂ ᠵᠢᠩᠨᠡᠬᠦ ᠮᠠᠰᠢᠨ᠂ ᠤᠰᠤ ᠬᠠᠯᠠᠭᠠᠬᠤ ᠮᠠᠰᠢᠨ ᠵᠡᠷᠭᠡ ᠬᠡᠷ ᠤᠨ ᠴᠠᠬᠢᠯᠭᠠᠨ ᠬᠡᠷᠡᠭᠰᠡᠯ ᠢ ᠨᠢᠭᠡ ᠯᠡ ᠤᠳᠠᠭ᠎ᠠ ᠳᠤ ᠰᠣᠩᠭᠤᠨ ᠬᠤᠳᠠᠯᠳᠤᠨ ᠠᠪᠴᠠᠶ ᠃ ᠲᠣᠭᠠᠴᠠᠭ᠎ᠠ ᠳᠠᠭᠤᠰᠤᠭᠰᠠᠨ ᠤ ᠳᠠᠷᠠᠭ᠎ᠠ᠂ ᠵᠢᠶᠠ ᠶᠦᠩ ᠹᠠᠩ ᠪᠠᠶᠠᠷᠲᠠᠶ ᠪᠠᠷ᠄ ︽ᠥᠩᠭᠡᠷᠡᠭᠰᠡᠨ ᠳᠤ ᠡᠲᠡᠭᠡᠷ ᠬᠡᠷ ᠤᠨ ᠴᠠᠬᠢᠯᠭᠠᠨ ᠬᠡᠷᠡᠭᠰᠡᠯ ᠢ ᠦᠵᠡᠵᠦ ᠥᠩᠭᠡᠷᠡᠭᠰᠡᠨ ᠪᠣᠯᠪᠠᠴᠤ ᠬᠠᠷᠠᠭᠠᠯᠵᠠᠯ ᠳᠤ ᠡᠨᠡ ᠤᠳᠠᠭᠠᠨ ᠤ ᠡᠷᠴᠢᠮ ᠶᠡᠭᠡ ᠪᠢᠰᠢ ᠪᠠᠶᠢᠵᠠᠶ ᠂ ᠡᠨᠡ ᠤᠳᠠᠭᠠᠨ ᠤ ᠬᠡᠷ ᠤᠨ ᠴᠠᠬᠢᠯᠭᠠᠨ ᠬᠡᠷᠡᠭᠰᠡᠯ ᠤᠨ ᠨᠥᠬᠦᠪᠥᠷᠢ ᠶᠢ ᠪᠡᠶᠡᠯᠡᠭᠦᠯᠦᠭᠰᠡᠨ ᠬᠠᠷᠠᠭᠠᠯᠵᠠᠯ ᠤᠨ ᠡᠷᠴᠢᠮ ᠣᠨᠴᠠᠭᠠᠶ ᠶᠡᠭᠡ ᠪᠠᠶᠢᠵᠤ᠂ ᠡᠭᠦᠨ ᠠᠴᠠ ᠡᠮᠦᠨ᠎ᠡ 56200 ᠲᠥᠭᠦᠷᠢᠭ ᠬᠡᠷᠡᠭᠰᠡᠵᠦ᠂ ᠣᠲᠣ ᠨᠥᠬᠦᠪᠥᠷᠢ ᠶᠢ ᠪᠠᠷᠠᠭᠰᠠᠨ ᠤ ᠳᠠᠷᠠᠭ᠎ᠠ ᠪᠠᠰᠠ 8000 ᠲᠥᠭᠦᠷᠢᠭ ᠠᠷᠪᠢᠯᠠᠪᠠ᠂ ᠡᠨᠡ ᠨᠢ ᠤᠤᠯ ᠤᠨ ᠬᠢ ᠠᠴᠠ ᠪᠠᠨ ᠨᠠᠩ ᠢᠯᠡᠭᠦᠤ ᠬᠠᠷᠠᠭᠠᠯᠵᠠᠯ ᠦᠵᠡᠭᠦᠯᠦᠨ ᠪᠤᠳᠤᠵᠤ ᠪᠣᠯᠤᠨ᠎ᠠ︾ ᠭᠡᠵᠡᠶ᠃
   ᠣᠶᠢᠯᠠᠭᠠᠭᠰᠠᠨ ᠢᠶᠠᠷ᠂ ᠲᠣᠰ ᠤᠳᠠᠭᠠᠨ ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠳᠤ ᠣᠷᠣᠯᠴᠠᠭᠰᠠᠨ ᠠᠵᠤ ᠠᠬᠤᠶᠢᠯᠠᠯ ᠳᠤ ᠯᠢᠶᠠᠩᠴᠧᠩ ᠰᠢᠶᠠᠨ ᠤ ᠶᠤᠸᠠᠨ ᠮᠧᠩ ᠬᠡᠷ ᠤᠨ ᠴᠠᠬᠢᠯᠭᠠᠨ ᠬᠡᠷᠡᠭᠰᠡᠯ᠂ ᠬᠤᠸᠠ ᠱᠧᠩ ᠬᠡᠷ ᠤᠨ ᠴᠠᠬᠢᠯᠭᠠᠨ ᠬᠡᠷᠡᠭᠰᠡᠯ ᠪᠠ ᠲᠦᠩ ᠳ᠋ᠡ ᠬᠠᠶ ᠡᠯ ᠲᠤᠰᠬᠠᠶ ᠬᠤᠳᠠᠯᠳᠤᠭᠠᠨ ᠤ ᠳᠡᠯᠭᠡᠭᠦᠷ ᠪᠠᠶᠢᠵᠤ᠂ ︽ᠡᠭᠦᠯᠡᠨ ᠬᠠᠶᠢᠷᠴᠠᠭ᠂ ᠬᠤᠪᠴᠠᠰᠤ ᠤᠬᠢᠶᠠᠬᠤ ᠮᠠᠰᠢᠨ᠂ ᠲᠧᠯᠸᠢᠰ ᠵᠡᠷᠭᠡ 15 ᠲᠥᠷᠥᠯ  ᠵᠤᠶᠢᠯ ᠳᠤ ᠨᠥᠬᠦᠪᠥᠷᠢ ᠥᠭᠴᠦ᠂ ᠬᠡᠷᠡᠭᠯᠡᠭᠴᠢᠳ ︽ ᠶᠦᠨ ᠱᠠᠨ ᠹᠦ᠋︾ APP᠎ ᠪᠠᠷ ᠳᠠᠮᠵᠢᠭᠤᠯᠤᠨ ᠪᠤᠯᠢᠶᠠᠯᠳᠤᠬᠤ ᠲᠡᠮᠳᠡᠭᠲᠦ ᠳᠤ ᠣᠷᠣᠯᠴᠠᠬᠤ ᠪᠥᠭᠡᠳ 20%᠎ ᠶᠢᠨ ᠬᠢᠮᠳᠠᠷᠠᠭᠤᠯᠬᠤ ᠬᠠᠷᠠᠭᠠᠯᠵᠠᠯ ᠭᠥᠷᠳᠡᠵᠦ᠂ ᠳᠠᠪᠬᠤᠷ ᠬᠠᠷᠠᠭᠠᠯᠵᠠᠯ ᠤᠨ ᠦᠷ᠎ᠡ ᠪᠦᠲᠦᠮᠵᠢ ᠶᠢ ᠨᠠᠩ ᠢᠯᠡᠷᠬᠡᠶ ᠪᠣᠯᠭᠠᠵᠤ᠂ ᠠᠵᠢᠯᠯᠠᠭ᠎ᠠ ᠨᠢ 12 ᠰᠠᠷ᠎ᠠ ᠶᠢᠨ 31᠎ ᠤ ᠡᠳᠦᠷ ᠪᠣᠯᠲᠠᠯ᠎ᠠ ᠦᠷᠭᠦᠯᠵᠢᠯᠡᠬᠦ ᠪᠣᠯᠤᠨ᠎ᠠ᠃ ᠡᠭᠦᠨ ᠠᠴᠠ ᠭᠠᠳᠠᠨ᠎ᠠ᠂ ᠰᠢᠶᠠᠨ ᠤ ᠬᠡᠪᠴᠢᠶᠡᠨ ᠤ ᠢᠳᠡᠭᠡᠨ ᠤᠮᠳᠠᠭᠠᠨ ᠤ ᠠᠵᠤ ᠠᠬᠤᠶᠢᠯᠠᠯ᠂ ᠵᠢᠱᠢᠶᠡᠯᠡᠪᠡᠯ᠂ ᠬᠤᠤ ᠰᠢᠶᠠᠩ ᠪᠠᠭᠤᠳᠠᠯ᠂ ᠿᠢ ᠱᠧᠩ ᠪᠠᠭᠤᠳᠠᠯ᠂ ᠰᠢ ᠰᠢ ᠪᠠᠭᠤᠳᠠᠯ᠂ ᠯᠠᠨ ᠬᠠᠢ ᠪᠠᠭᠤᠳᠠᠯ ᠳᠤ ᠪᠠᠰᠠ ︽ᠪᠦᠷᠢᠨ 100 ᠬᠠᠰᠤᠭᠠᠳ 15︾᠂ ︽ᠪᠦᠷᠢᠨ 200 ᠪᠠᠭᠠᠰᠴᠤ 35︾᠂ ︽400 ᠳᠦᠭᠦᠷᠦᠭᠡᠳ 70%᠎ ᠪᠠᠷ ᠪᠠᠭᠠᠰᠬᠠᠬᠤ︾ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠭᠠᠷᠭᠠᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠬᠡᠷᠡᠭᠴᠡᠭᠡ ᠶᠢ ᠲᠦᠢᠯ ᠤᠨ ᠶᠡᠭᠡ ᠪᠠᠷ ᠰᠡᠲᠡᠯᠵᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃                                             ᠨᠠᠶᠢᠷᠠᠭᠤᠯᠤᠭᠴᠢ᠄   ᠶᠠᠩ  ᠿᠦᠢ ᠵᠧᠨ                                             ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2