ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠠᠭᠤᠳᠠᠯᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠢ | ᠬᠥᠭᠵᠢᠭᠡᠬᠦ ᠶᠢᠨ ᠲᠥᠯᠥᠭᠡ᠂ ᠤᠯᠤᠰ ᠤᠨ ᠪᠠᠶᠠᠷ ᠠᠴᠠ ᠨᠠᠰᠢ᠂ ᠯᠢᠶᠠᠩᠴᠧᠩ ᠰᠢᠶᠠᠨ ᠬᠡᠷᠡᠭᠯᠡᠭᠡ ᠶᠢ ᠠᠬᠢᠭᠤᠯᠬᠤ | ᠲᠦᠷᠦ ᠶᠢᠨ ᠪᠤᠳᠤᠯᠭ᠎ᠠ ᠶᠢ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠬᠤ ᠶᠢᠨ ᠬᠠᠮᠲᠤ | ᠬᠡᠷᠡᠭᠯᠡᠭᠡ ᠶᠢ ᠳᠠᠶᠢᠴᠢᠯᠠᠬᠤ ᠦᠢᠯᠡᠳᠦᠯ ᠢᠶᠠᠷ ᠨᠡᠯᠢᠶᠡᠳ ᠶᠡᠭᠡ ᠭᠡᠷ ᠤᠨ ᠴᠠᠬᠢᠯᠭᠠᠨ ᠬᠡᠷᠡᠭᠰᠡᠯ᠂ ᠢᠳᠡᠭᠡᠨ ᠤᠮᠳᠠᠭᠠᠨ ᠵᠡᠷᠭᠡ | ᠭᠤᠣᠯᠳᠠᠯᠭ᠎ᠠ ᠲᠠᠢ ᠬᠡᠷᠡᠭᠯᠡᠭᠡᠨ ᠤ ᠬᠦᠷᠢᠶᠡᠨ ᠳᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ | ᠲᠦᠷᠦ ᠶᠢᠨ ᠪᠤᠳᠤᠯᠭ᠎ᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠬᠠᠷᠠᠭᠠᠯᠵᠠᠯ ᠨᠢ ᠬᠡᠷᠡᠭᠯᠡᠭᠴᠢᠳ ᠲᠤ ᠰᠢᠭᠤᠳ | ᠬᠦᠷᠭᠡᠬᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠶᠢ ᠪᠠᠲᠤᠯᠠᠵᠤ᠂ ᠬᠡᠷᠡᠭᠯᠡᠭᠡᠨ ᠤ | ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠷᠭᠦᠯᠵᠢᠯᠡᠨ ᠴᠡᠴᠡᠭᠯᠡᠨ | ᠬᠥᠭᠵᠢᠬᠦ ᠶᠢ ᠬᠦᠴᠦᠲᠡᠢ ᠠᠬᠢᠭᠤᠯᠪᠠ᠃ | | | | | ᠬᠡᠷ ᠤᠨ ᠴᠠᠬᠢᠯᠭᠠᠨ ᠬᠡᠷᠡᠭᠰᠡᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭ᠎ᠠ ᠶᠢ ᠠᠬᠢᠭᠤᠯᠬᠤ | ᠲᠤᠬᠠᠶ ᠶᠢᠨ ᠲᠠᠯᠠᠪᠠᠶ ᠳᠤ᠂ ᠬᠡᠷ ᠤᠨ ᠴᠠᠬᠢᠯᠭᠠᠨ ᠬᠡᠷᠡᠭᠰᠡᠯ ᠰᠣᠯᠢᠵᠤ ᠬᠤᠳᠠᠯᠳᠤᠨ ᠠᠪᠬᠤ ᠪᠠ ᠠᠰᠠᠭᠤᠨ ᠯᠠᠪᠯᠠᠬᠤ | ᠰᠠᠭᠤᠭᠠᠯᠢ ᠠᠷᠠᠳ ᠲᠠᠰᠤᠷᠠᠯᠲᠠ ᠥᠬᠡᠶ ᠣᠯᠠᠰᠢᠷᠠᠵᠤ᠂ ᠬᠤᠳᠠᠯᠳᠤᠨ ᠠᠪᠬᠤ ᠬᠥᠮᠦᠰ ᠤᠨ ᠠᠵᠢᠯᠯᠠᠭᠠᠨ ᠤ ᠠᠭᠤᠯᠭ᠎ᠠ ᠶᠢ | ᠬᠦᠯᠢᠴᠡᠩᠭᠦᠶ ᠪᠠᠷ ᠲᠠᠨᠢᠯᠴᠠᠭᠤᠯᠬᠤ ᠶᠢᠨ ᠬᠠᠮᠲᠤ ᠬᠡᠷ ᠤᠨ ᠴᠠᠬᠢᠯᠭᠠᠨ ᠬᠡᠷᠡᠭᠰᠡᠯ ᠤᠨ ᠨᠥᠬᠦᠪᠥᠷᠢ ᠶᠢᠨ ᠲᠥᠷᠥ ᠶᠢᠨ | ᠪᠣᠳᠣᠯᠭ᠎ᠠ ᠪᠠ ᠦᠨ᠎ᠡ ᠪᠠᠭᠤᠷᠠᠭᠤᠯᠤᠨ ᠬᠠᠷᠠᠭᠠᠯᠵᠠᠯ ᠦᠵᠡᠭᠦᠯᠵᠦ᠂ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ᠂ | ᠴᠢᠨᠠᠷ ᠰᠠᠶᠢᠲᠠᠶ ᠤᠶᠢᠯᠡᠳᠭᠦᠨ ᠢ ᠲᠠᠨᠢᠯᠴᠠᠭᠤᠯᠵᠤ᠂ ᠰᠠᠭᠤᠭᠠᠯᠢ ᠠᠷᠠᠳ ᠤᠨ ᠪᠠᠷᠠᠭ᠎ᠠ ᠬᠤᠳᠠᠯᠳᠤᠨ ᠠᠪᠬᠤ ᠬᠡᠷᠡᠭᠴᠡᠭᠡ ᠶᠢ | ᠬᠠᠩᠭᠠᠭᠰᠠᠨ ᠪᠠᠶᠢᠨ᠎ᠠ᠃ | | | | | | | | | | | ᠬᠤᠩ ᠮᠤᠤ ᠪᠠᠯᠭᠠᠰᠤᠨ ᠤ ᠰᠠᠭᠤᠭᠠᠯᠢ ᠠᠷᠠᠳ ᠵᠢᠶᠠ ᠶᠦᠩ ᠹᠠᠩ ︽ᠶᠦᠨ ᠱᠠᠨ ᠹᠦ᠋︾ ᠲᠠᠪᠴᠠᠩ ᠢᠶᠠᠷ | ᠳᠠᠮᠵᠢᠭᠤᠯᠤᠨ ᠶᠡᠭᠡ ᠬᠡᠮᠵᠢᠶᠡᠨ ᠤ ᠬᠡᠷᠡᠭᠯᠡᠭᠡᠨ ᠤ ᠲᠡᠮᠳᠡᠭᠲᠦ ᠶᠢ ᠵᠠᠪᠳᠤᠵᠤ᠂ ᠲᠤᠬᠠᠶ ᠶᠢᠨ ᠲᠠᠯᠠᠪᠤᠷ ᠲᠤ ᠰᠣᠯᠢᠨ | ᠰᠣᠯᠢᠭᠰᠠᠨ ᠤ ᠳᠠᠷᠠᠭ᠎ᠠ᠂ ᠬᠠᠷᠠᠭᠠᠯᠵᠠᠯ ᠤᠨ ᠡᠷᠴᠢᠮ ᠶᠡᠭᠡ᠂ ᠦᠨ᠎ᠡ ᠨᠢ ᠣᠨᠴᠠᠭᠠᠶ ᠬᠢᠮᠳᠠ ᠪᠠᠶᠢᠬᠤ ᠶᠢ ᠰᠡᠷᠡᠵᠦ ᠮᠡᠳᠡᠪᠡ᠂ | ᠬᠦᠤ ᠬᠤᠷᠢᠮ ᠤᠨ ᠬᠤᠷᠢᠮ ᠳᠤ ᠬᠡᠷᠡᠭᠰᠡᠬᠦ ᠬᠦᠯᠳᠡᠭᠡᠭᠦᠷ᠂ ᠲᠧᠯᠸᠢᠰ᠂ ᠬᠤᠪᠴᠠᠰᠤ ᠤᠬᠢᠶᠠᠬᠤ ᠮᠠᠰᠢᠨ᠂ ᠵᠢᠩᠨᠡᠬᠦ ᠮᠠᠰᠢᠨ᠂ | ᠤᠰᠤ ᠬᠠᠯᠠᠭᠠᠬᠤ ᠮᠠᠰᠢᠨ ᠵᠡᠷᠭᠡ ᠬᠡᠷ ᠤᠨ ᠴᠠᠬᠢᠯᠭᠠᠨ ᠬᠡᠷᠡᠭᠰᠡᠯ ᠢ ᠨᠢᠭᠡ ᠯᠡ ᠤᠳᠠᠭ᠎ᠠ ᠳᠤ ᠰᠣᠩᠭᠤᠨ ᠬᠤᠳᠠᠯᠳᠤᠨ ᠠᠪᠴᠠᠶ | ᠃ ᠲᠣᠭᠠᠴᠠᠭ᠎ᠠ ᠳᠠᠭᠤᠰᠤᠭᠰᠠᠨ ᠤ ᠳᠠᠷᠠᠭ᠎ᠠ᠂ ᠵᠢᠶᠠ ᠶᠦᠩ ᠹᠠᠩ ᠪᠠᠶᠠᠷᠲᠠᠶ ᠪᠠᠷ᠄ ︽ᠥᠩᠭᠡᠷᠡᠭᠰᠡᠨ ᠳᠤ ᠡᠲᠡᠭᠡᠷ ᠬᠡᠷ ᠤᠨ | ᠴᠠᠬᠢᠯᠭᠠᠨ ᠬᠡᠷᠡᠭᠰᠡᠯ ᠢ ᠦᠵᠡᠵᠦ ᠥᠩᠭᠡᠷᠡᠭᠰᠡᠨ ᠪᠣᠯᠪᠠᠴᠤ ᠬᠠᠷᠠᠭᠠᠯᠵᠠᠯ ᠳᠤ ᠡᠨᠡ ᠤᠳᠠᠭᠠᠨ ᠤ ᠡᠷᠴᠢᠮ ᠶᠡᠭᠡ ᠪᠢᠰᠢ ᠪᠠᠶᠢᠵᠠᠶ | ᠂ ᠡᠨᠡ ᠤᠳᠠᠭᠠᠨ ᠤ ᠬᠡᠷ ᠤᠨ ᠴᠠᠬᠢᠯᠭᠠᠨ ᠬᠡᠷᠡᠭᠰᠡᠯ ᠤᠨ ᠨᠥᠬᠦᠪᠥᠷᠢ ᠶᠢ ᠪᠡᠶᠡᠯᠡᠭᠦᠯᠦᠭᠰᠡᠨ ᠬᠠᠷᠠᠭᠠᠯᠵᠠᠯ ᠤᠨ ᠡᠷᠴᠢᠮ | ᠣᠨᠴᠠᠭᠠᠶ ᠶᠡᠭᠡ ᠪᠠᠶᠢᠵᠤ᠂ ᠡᠭᠦᠨ ᠠᠴᠠ ᠡᠮᠦᠨ᠎ᠡ 56200 ᠲᠥᠭᠦᠷᠢᠭ ᠬᠡᠷᠡᠭᠰᠡᠵᠦ᠂ ᠣᠲᠣ ᠨᠥᠬᠦᠪᠥᠷᠢ ᠶᠢ ᠪᠠᠷᠠᠭᠰᠠᠨ ᠤ | ᠳᠠᠷᠠᠭ᠎ᠠ ᠪᠠᠰᠠ 8000 ᠲᠥᠭᠦᠷᠢᠭ ᠠᠷᠪᠢᠯᠠᠪᠠ᠂ ᠡᠨᠡ ᠨᠢ ᠤᠤᠯ ᠤᠨ ᠬᠢ ᠠᠴᠠ ᠪᠠᠨ ᠨᠠᠩ ᠢᠯᠡᠭᠦᠤ ᠬᠠᠷᠠᠭᠠᠯᠵᠠᠯ | ᠦᠵᠡᠭᠦᠯᠦᠨ ᠪᠤᠳᠤᠵᠤ ᠪᠣᠯᠤᠨ᠎ᠠ︾ ᠭᠡᠵᠡᠶ᠃ | | | | | | | | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠳᠤ ᠣᠷᠣᠯᠴᠠᠭᠰᠠᠨ ᠠᠵᠤ | ᠠᠬᠤᠶᠢᠯᠠᠯ ᠳᠤ ᠯᠢᠶᠠᠩᠴᠧᠩ ᠰᠢᠶᠠᠨ ᠤ ᠶᠤᠸᠠᠨ ᠮᠧᠩ ᠬᠡᠷ ᠤᠨ ᠴᠠᠬᠢᠯᠭᠠᠨ ᠬᠡᠷᠡᠭᠰᠡᠯ᠂ ᠬᠤᠸᠠ ᠱᠧᠩ ᠬᠡᠷ ᠤᠨ ᠴᠠᠬᠢᠯᠭᠠᠨ | ᠬᠡᠷᠡᠭᠰᠡᠯ ᠪᠠ ᠲᠦᠩ ᠳ᠋ᠡ ᠬᠠᠶ ᠡᠯ ᠲᠤᠰᠬᠠᠶ ᠬᠤᠳᠠᠯᠳᠤᠭᠠᠨ ᠤ ᠳᠡᠯᠭᠡᠭᠦᠷ ᠪᠠᠶᠢᠵᠤ᠂ ︽ᠡᠭᠦᠯᠡᠨ ᠬᠠᠶᠢᠷᠴᠠᠭ᠂ ᠬᠤᠪᠴᠠᠰᠤ | ᠤᠬᠢᠶᠠᠬᠤ ᠮᠠᠰᠢᠨ᠂ ᠲᠧᠯᠸᠢᠰ ᠵᠡᠷᠭᠡ 15 ᠲᠥᠷᠥᠯ ᠵᠤᠶᠢᠯ ᠳᠤ ᠨᠥᠬᠦᠪᠥᠷᠢ ᠥᠭᠴᠦ᠂ ᠬᠡᠷᠡᠭᠯᠡᠭᠴᠢᠳ ︽ ᠶᠦᠨ ᠱᠠᠨ | ᠹᠦ᠋︾ APP ᠪᠠᠷ ᠳᠠᠮᠵᠢᠭᠤᠯᠤᠨ ᠪᠤᠯᠢᠶᠠᠯᠳᠤᠬᠤ ᠲᠡᠮᠳᠡᠭᠲᠦ ᠳᠤ ᠣᠷᠣᠯᠴᠠᠬᠤ ᠪᠥᠭᠡᠳ 20% ᠶᠢᠨ ᠬᠢᠮᠳᠠᠷᠠᠭᠤᠯᠬᠤ | ᠬᠠᠷᠠᠭᠠᠯᠵᠠᠯ ᠭᠥᠷᠳᠡᠵᠦ᠂ ᠳᠠᠪᠬᠤᠷ ᠬᠠᠷᠠᠭᠠᠯᠵᠠᠯ ᠤᠨ ᠦᠷ᠎ᠡ ᠪᠦᠲᠦᠮᠵᠢ ᠶᠢ ᠨᠠᠩ ᠢᠯᠡᠷᠬᠡᠶ ᠪᠣᠯᠭᠠᠵᠤ᠂ ᠠᠵᠢᠯᠯᠠᠭ᠎ᠠ ᠨᠢ | 12 ᠰᠠᠷ᠎ᠠ ᠶᠢᠨ 31 ᠤ ᠡᠳᠦᠷ ᠪᠣᠯᠲᠠᠯ᠎ᠠ ᠦᠷᠭᠦᠯᠵᠢᠯᠡᠬᠦ ᠪᠣᠯᠤᠨ᠎ᠠ᠃ ᠡᠭᠦᠨ ᠠᠴᠠ ᠭᠠᠳᠠᠨ᠎ᠠ᠂ ᠰᠢᠶᠠᠨ ᠤ ᠬᠡᠪᠴᠢᠶᠡᠨ ᠤ | ᠢᠳᠡᠭᠡᠨ ᠤᠮᠳᠠᠭᠠᠨ ᠤ ᠠᠵᠤ ᠠᠬᠤᠶᠢᠯᠠᠯ᠂ ᠵᠢᠱᠢᠶᠡᠯᠡᠪᠡᠯ᠂ ᠬᠤᠤ ᠰᠢᠶᠠᠩ ᠪᠠᠭᠤᠳᠠᠯ᠂ ᠿᠢ ᠱᠧᠩ ᠪᠠᠭᠤᠳᠠᠯ᠂ ᠰᠢ ᠰᠢ | ᠪᠠᠭᠤᠳᠠᠯ᠂ ᠯᠠᠨ ᠬᠠᠢ ᠪᠠᠭᠤᠳᠠᠯ ᠳᠤ ᠪᠠᠰᠠ ︽ᠪᠦᠷᠢᠨ 100 ᠬᠠᠰᠤᠭᠠᠳ 15︾᠂ ︽ᠪᠦᠷᠢᠨ 200 ᠪᠠᠭᠠᠰᠴᠤ 35︾ | ᠂ ︽400 ᠳᠦᠭᠦᠷᠦᠭᠡᠳ 70% ᠪᠠᠷ ᠪᠠᠭᠠᠰᠬᠠᠬᠤ︾ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠭᠠᠷᠭᠠᠵᠤ᠂ | ᠰᠠᠭᠤᠭᠠᠯᠢ ᠠᠷᠠᠳ ᠤᠨ ᠬᠡᠷᠡᠭᠯᠡᠭᠡᠨ ᠤ ᠬᠡᠷᠡᠭᠴᠡᠭᠡ ᠶᠢ ᠲᠦᠢᠯ ᠤᠨ ᠶᠡᠭᠡ ᠪᠠᠷ ᠰᠡᠲᠡᠯᠵᠦ᠂ ᠰᠢᠶᠠᠨ ᠤ ᠬᠡᠪᠴᠢᠶᠡᠨ ᠤ ᠠᠵᠤ | ᠠᠬᠤᠶ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | |