ᠯᠢᠶᠠᠩᠴᠧᠩ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢ ᠬᠤᠶᠠᠳᠤᠭᠠᠷ ᠳᠡᠰ ᠤᠨ ᠬᠥᠬᠡ ᠳᠡᠰ ᠤᠨ ᠬᠢᠲᠠᠳ ᠡᠮᠨᠡᠯᠭᠡ ᠶᠢᠨ ᠬᠤᠷᠢᠶ᠎ᠠ  ᠪᠤᠯᠤᠨ ᠲᠡᠪᠰᠢᠪᠡ
ᠨᠡᠶᠢᠲᠡᠯᠡᠭᠰᠡᠨ ᠴᠠᠭ᠄
2024/10/24
   10 ᠰᠠᠷ᠎ᠠ ᠶᠢᠨ 23᠎ ᠤ ᠡᠳᠦᠷ᠂ ᠯᠢᠶᠠᠩᠴᠧᠩ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ︽ᠬᠤᠶᠠᠳᠤᠭᠠᠷ ᠲᠡᠰ ᠤᠨ ᠬᠥᠬᠡ ᠲᠡᠰ ᠤᠨ ᠬᠢᠲᠠᠳ ᠡᠮᠨᠡᠯᠭᠡ ᠶᠢᠨ ᠬᠤᠷᠢᠶ᠎ᠠ︾᠎ ᠶᠢᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠡᠨᠡ ᠪᠣᠯ ᠯᠢᠶᠠᠩᠴᠧᠩ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠬᠥᠭᠵᠢᠯᠲᠡ ᠶᠢᠨ ᠲᠡᠦᠬᠡᠨ ᠳᠡᠭᠡᠷᠡᠬᠢ ᠨᠢᠭᠡᠨ ᠴᠢᠬᠤᠯᠠ ᠪᠡᠯᠭᠡ ᠲᠡᠮᠳᠡᠭ ᠪᠣᠯᠬᠤ ᠪᠠᠷ ᠪᠠᠷᠠᠬᠤ ᠥᠬᠡᠶ᠂ ᠪᠠᠰᠠ ᠴᠤ ᠮᠠᠨ ᠤ ᠰᠢᠶᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢᠨ ᠲᠡᠦᠬᠡᠨ ᠳᠡᠭᠡᠷᠡᠬᠢ ᠥᠩᠭᠡ ᠢᠯᠭᠠᠷᠠᠭᠰᠠᠨ ᠨᠢᠭᠡ ᠬᠡᠰᠡᠭ ᠮᠥᠨ᠃    ᠯᠢᠶᠠᠩᠴᠧᠩ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ 2009 ᠣᠨ ᠳᠤ ᠪᠠᠶᠢᠭᠤᠯᠤᠭᠳᠠᠭᠰᠠᠨ ᠠᠴᠠ ᠨᠠᠰᠢ᠂ ᠠᠯᠢᠪᠠ ᠡᠪᠡᠳᠴᠢᠲᠡᠨ ᠢᠶᠠᠷ ᠭᠤᠣᠯ ᠪᠣᠯᠭᠠᠭᠰᠠᠨ ᠦᠢᠯᠡᠴᠢᠯᠡᠭᠡᠨ ᠤ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠰᠢᠯᠢᠳᠡᠭ ᠰᠠᠶᠢᠨ ᠡᠮ ᠡᠮᠨᠡᠯᠭᠡ ᠶᠢᠨ ᠮᠡᠷᠭᠡᠵᠢᠯ ᠤᠨ ᠦᠢᠯᠡᠴᠢᠯᠡᠭᠡ ᠪᠠᠷ ᠥᠷᠭᠡᠨ ᠣᠯᠠᠨ ᠠᠷᠠᠳ ᠲᠦᠮᠡᠨ ᠳᠤ ᠦᠢᠯᠡᠴᠢᠯᠡᠵᠦ᠂ ᠲᠡᠷᠢᠭᠦᠨ ᠤ ᠬᠠᠮᠢᠶᠠᠷᠤᠯᠲᠠ ᠶᠢᠨ ᠣᠶᠢᠯᠠᠭᠠᠭᠳᠠᠬᠤᠨ ᠢᠶᠠᠷ ᠪᠦᠬᠦ ᠡᠮᠨᠡᠯᠭᠡ ᠶᠢᠨ ᠬᠤᠷᠢᠶᠠᠨ ᠤ ᠠᠵᠢᠯᠲᠠᠨ ᠠᠵᠢᠯᠴᠢᠨ ᠤ ᠢᠳᠡᠪᠬᠢᠵᠢᠯ ᠪᠣᠯᠤᠨ ᠪᠦᠲᠦᠭᠡᠯᠴᠢ ᠴᠢᠨᠠᠷ ᠢ ᠳᠠᠶᠢᠴᠢᠯᠠᠵᠤ᠂ ᠣᠬᠤᠷᠬᠠᠨ ᠬᠤᠭᠤᠴᠠᠭᠠᠨ ᠳᠤ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠵᠦ ᠂ ᠡᠮᠨᠡᠯᠭᠡ ᠶᠢᠨ ᠬᠤᠷᠢᠶᠠᠨ ᠤ ᠬᠡᠪᠴᠢᠶ᠎ᠡ ᠦᠳᠲᠡᠷ ᠲᠦᠷᠭᠡᠨ ᠥᠷᠭᠡᠳᠴᠦ᠂ ᠤᠤᠯ ᠨᠢ ᠵᠥᠪᠬᠡᠨ 60 ᠠᠵᠢᠯᠲᠠᠨ᠂ 40 ᠣᠷᠣ ᠪᠠᠶᠢᠭᠰᠠᠨ ᠠᠴᠠ ᠥᠨᠥᠳᠦᠷ 200 ᠭᠠᠷᠤᠢ ᠡᠮᠴᠢ ᠰᠤᠪᠢᠯᠠᠭᠴᠢ ᠶᠢᠨ 250 ᠣᠷᠣ ᠬᠤᠶᠠᠳᠤᠭᠠᠷ ᠳᠡᠰ ᠤᠨ ᠬᠥᠬᠡ ᠲᠡᠰ ᠤᠨ ᠬᠢᠲᠠᠳ ᠡᠮᠨᠡᠯᠭᠡ ᠶᠢᠨ ᠬᠤᠷᠢᠶ᠎ᠠ ᠶᠢ ᠬᠥᠭᠵᠢᠭᠦᠯᠦᠨ ᠪᠤᠵᠠᠭᠠᠶᠢᠷᠠᠭᠤᠯᠵᠤ᠂ ᠮᠠᠨ ᠤ ᠰᠢᠶᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠰᠢᠯᠢᠳᠡᠭᠵᠢᠭᠦᠯᠬᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠯᠢᠶᠠᠩᠴᠧᠩ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠬᠤᠶᠠᠳᠤᠭᠠᠷ ᠳᠡᠰ ᠤᠨ ᠬᠥᠬᠡ ᠲᠠᠰ ᠤᠨ ᠬᠢᠲᠠᠳ ᠡᠮᠨᠡᠯᠭᠡ ᠶᠢᠨ ᠬᠤᠷᠢᠶ᠎ᠠ ᠵᠢᠩᠬᠢᠨᠢ ᠪᠠᠷ ᠪᠠᠶᠢᠭᠤᠯᠤᠭᠳᠠᠭᠰᠠᠨ ᠨᠢ ᠪᠥᠬᠦ ᠰᠢᠶᠠᠨ ᠤ ᠳᠠᠪᠠᠭᠤᠯᠢᠭ ᠡᠮᠴᠢᠯᠡᠭᠡᠨ ᠤ ᠡᠬᠢ ᠪᠠᠶᠠᠯᠢᠭ ᠤᠨ ᠲᠡᠩᠴᠡᠭᠦᠷᠢᠲᠡᠶ ᠪᠠᠶᠢᠷᠢᠰᠢᠭᠤᠯᠤᠯᠲᠠ ᠶᠢ ᠠᠬᠢᠭᠤᠯᠬᠤ᠂ ᠶᠡᠷᠦᠩᠬᠡᠶᠢᠯᠡᠭᠰᠡᠨ ᠡᠮᠴᠢᠯᠡᠭᠡᠨ ᠤ ᠦᠶ᠋ᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠮᠠᠰᠢ ᠰᠠᠶᠢᠨ ᠠᠬᠢᠭᠤᠯᠬᠤ ᠪᠠ ᠠᠬᠢᠭᠤᠯᠬᠤ ᠤᠶᠢᠯᠡᠳᠤᠯ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠡᠷᠡᠭᠦᠯ ᠡᠩᠬᠡ ᠯᠢᠶᠠᠩᠴᠧᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠠᠷᠠᠳ ᠣᠯᠠᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠬᠤ ᠳᠤ ᠢᠳᠡᠪᠬᠢᠲᠡᠶ ᠨᠥᠯᠥᠭᠡ ᠦᠵᠡᠭᠦᠯᠬᠦ ᠪᠣᠯᠤᠨ᠎ᠠ᠃ ᠯᠢᠶᠠᠩᠴᠧᠩ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ ᠯᠢ ᠰᠢᠤᠸᠠᠢ ᠹᠧᠩ᠄ ︽ᠬᠤᠶᠠᠳᠤᠭᠠᠷ ᠳᠡᠰ ᠤᠨ ᠬᠥᠬᠡ ᠳᠡᠰ ᠤᠨ ᠬᠢᠲᠠᠳ ᠡᠮᠨᠡᠯᠭᠡ ᠶᠢᠨ ᠬᠤᠷᠢᠶ᠎ᠠ ᠪᠣᠯᠵᠤ᠂ ᠮᠠᠨ ᠤ ᠬᠤᠷᠢᠶᠠᠨ ᠤ ᠥᠨᠳᠥᠷ ᠬᠢᠷᠢ ᠲᠦᠪᠰᠢᠨ ᠪᠦᠬᠦᠢ ᠡᠮᠨᠡᠯᠭᠡ ᠶᠢᠨ ᠬᠤᠷᠢᠶ᠎ᠠ ᠪᠠᠶᠢᠭᠤᠯᠬᠤ ᠬᠠᠷᠠᠯᠲᠠ ᠲᠡᠰᠢ ᠠᠯᠬᠤᠬᠤ ᠴᠢᠬᠤᠯᠠ ᠨᠢᠭᠡ ᠠᠯᠬᠤᠮ ᠪᠣᠯᠤᠨ᠎ᠠ᠂ ᠪᠢᠳᠡ ᠬᠤᠶᠠᠳᠤᠭᠠᠷ ᠳᠡᠰ ᠤᠨ ᠬᠥᠬᠡ ᠳᠡᠰ ᠤᠨ ᠬᠢᠲᠠᠳ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠣᠨᠣᠰᠢᠯᠠᠨ ᠡᠮᠨᠡᠬᠦ ᠦᠢᠯᠡᠴᠢᠯᠡᠭᠡᠨ ᠤ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠥᠩᠭᠡᠷᠡᠯᠲᠡ ᠶᠢ ᠦᠨᠡᠨ ᠬᠦ ᠰᠠᠶᠢᠵᠢᠷᠠᠭᠤᠯᠵᠤ᠂ ᠨᠠᠩ ᠥᠨᠳᠥᠷ ᠬᠢᠷᠢ ᠲᠦᠪᠰᠢᠨ ᠪᠦᠬᠦᠢ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠠᠷᠠᠳ ᠣᠯᠠᠨ ᠳᠤ ᠬᠦᠷᠲᠡᠭᠡᠵᠦ᠂ ᠮᠠᠨ ᠤ ᠰᠢᠶᠠᠨ ᠤ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︕︾ ᠭᠡᠵᠦ ᠢᠯᠡᠳᠬᠡᠪᠡ᠃                                       ᠨᠠᠶᠢᠷᠠᠭᠤᠯᠤᠭᠴᠢ᠄   ᠶᠠᠩ  ᠿᠦᠢ ᠵᠧᠨ                                       ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2