ᠡᠪᠦᠯ ᠣᠷᠣᠬᠤ ᠭᠡᠵᠦ ᠪᠠᠶᠢᠨ᠎ᠠ᠂ ᠣᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ | ᠨᠡᠭᠦᠷᠡᠰᠦᠨ ᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠯᠢᠶᠠᠩᠴᠧᠩ ᠰᠢᠶᠠᠨ ᠤ | ᠰᠢᠯᠵᠢᠭᠦᠯᠦᠨ ᠵᠥᠭᠡᠭᠡᠪᠦᠷᠢᠯᠡᠭᠰᠡᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠨᠢᠭᠡᠨᠲᠡ ᠯᠢᠶᠠᠩᠴᠧᠩ | ᠰᠢᠶᠠᠨ ᠤ ᠡᠯ᠎ᠡ ᠰᠢᠶᠠᠩ ᠪᠠᠯᠭᠠᠰᠤᠨ ᠤ ᠵᠢᠭᠠᠨ ᠲᠣᠭᠲᠠᠭᠠᠭᠰᠠᠨ ᠲᠠᠷᠬᠠᠭᠠᠬᠤ ᠴᠡᠭ ᠲᠤ ᠬᠦᠷᠭᠡᠵᠦ᠂ ᠰᠢᠶᠠᠨ᠂ | ᠰᠢᠶᠠᠩ᠂ ᠲᠣᠰᠬᠤᠨ ᠭᠤᠷᠪᠠᠨ ᠱᠠᠲᠤᠨ ᠤ ᠺᠠᠳ᠋ᠷ ᠪᠥᠬᠦ ᠶᠠᠪᠤᠴᠠ ᠳᠤ ᠳᠠᠭᠠᠵᠤ᠂ ᠠᠷᠠᠳ ᠤᠨ ᠠᠮᠢᠳᠤᠷᠠᠯ ᠤᠨ | ᠳᠤᠯᠠᠭᠠᠯᠠᠭ᠎ᠠ ᠶᠢᠨ ᠨᠡᠭᠦᠷᠡᠰᠦ ᠶᠢ ᠴᠠᠭ ᠲᠤᠬᠠᠶ ᠳᠤᠨᠢ ᠣᠨᠣᠪᠴᠢᠲᠠᠶ ᠣᠯᠭᠤᠬᠤ ᠶᠢ ᠪᠠᠲᠤᠯᠠᠪᠠ᠃ ᠤᠢᠢᠷ᠎ᠠ ᠶᠢᠨ | ᠵᠢᠯ ᠠᠴᠠ᠂ ᠯᠢᠶᠠᠩᠴᠧᠩ ᠰᠢᠶᠠᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠢᠨᠵᠧᠨᠧᠷᠢᠩ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢᠨ ᠬᠠᠩᠭᠠᠯᠭ᠎ᠠ ᠶᠢ ᠪᠠᠲᠤᠯᠠᠬᠤ | ᠠᠵᠢᠯ ᠢ ᠤᠷᠢᠳᠴᠢᠯᠠᠨ ᠲᠥᠯᠥᠪᠵᠢᠭᠦᠯᠦᠨ ᠪᠠᠶᠢᠷᠢᠯᠠᠭᠤᠯᠵᠤ᠂ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ ︽ | ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠬᠤᠳᠠᠯᠳᠤᠨ ᠠᠪᠬᠤ᠂ ᠲᠡᠭᠡᠭᠡᠪᠦᠷᠢᠯᠡᠬᠦ᠂ ᠠᠴᠢᠶ᠎ᠠ ᠪᠠᠭᠤᠯᠭᠠᠬᠤ ᠪᠦᠬᠦ | ᠶᠠᠪᠤᠴᠠ ᠶᠢ ᠴᠢᠩᠭ᠎ᠠ ᠠᠩᠬᠠᠷᠴᠤ᠂ ᠪᠠᠶᠢᠳᠠᠯ ᠢ ᠣᠶᠢᠯᠠᠭᠠᠵᠤ ᠪᠦᠷᠢᠳᠬᠡᠬᠦ᠂ ᠵᠣᠬᠢᠴᠠᠭᠤᠯᠤᠨ ᠨᠡᠪᠲᠡᠷᠡᠯᠴᠡᠬᠦ᠂ | ᠨᠡᠭᠦᠷᠡᠰᠦ ᠶᠢ ᠲᠤᠬᠢᠷᠠᠭᠤᠯᠤᠨ ᠬᠦᠷᠭᠡᠬᠦ᠂ ᠤᠬᠠᠭᠤᠯᠭ᠎ᠠ ᠶᠢᠨ ᠪᠠᠲᠤᠯᠠᠭ᠎ᠠ ᠵᠡᠷᠭᠡ ᠡᠯ᠎ᠡ ᠵᠦᠢᠯ ᠤᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠪᠦᠯ ᠤᠨ | ᠤᠯᠠᠷᠢᠯ ᠤᠨ ᠳᠤᠯᠠᠭᠠᠯᠠᠭ᠎ᠠ ᠳᠤ ᠰᠠᠨᠠᠭ᠎ᠠ ᠵᠣᠪᠠᠭ᠋ᠤ ᠦᠭᠡᠢ ᠪᠠᠶᠢᠬᠤ ᠶᠢ ᠪᠠᠲᠤᠯᠠᠪᠠ᠃ ᠪᠦᠬᠦ ᠰᠢᠶᠠᠨ ᠤ ᠮᠠᠯᠴᠢᠨ | ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠬᠡᠷᠡᠭᠴᠡᠭᠡ ᠶᠢ ᠪᠠᠲᠤᠯᠠᠬᠤ ᠶᠢᠨ ᠲᠥᠯᠥᠭᠡ | ᠂ ᠯᠢᠶᠠᠩᠴᠧᠩ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠩᠭᠠᠯᠭ᠎ᠠ ᠶᠢ ᠪᠠᠲᠤᠯᠠᠬᠤ | ᠨᠡᠭᠦᠷᠡᠰᠦ ᠶᠢ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠢᠳᠡᠪᠬᠢᠲᠡᠢ ᠵᠣᠬᠢᠴᠠᠭᠤᠯᠵᠤ᠂ ᠰᠢᠲᠠᠭᠠᠯᠭ᠎ᠠ ᠶᠢᠨ | ᠨᠡᠭᠦᠷᠡᠰᠦᠨ ᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ 9 ᠰᠠᠷ᠎ᠠ ᠶᠢᠨ ᠰᠡᠭᠦᠯᠴᠢ ᠠᠴᠠ ᠨᠠᠰᠢ᠂ ᠡᠯ᠎ᠡ | ᠰᠢᠶᠠᠩ ᠪᠠᠯᠭᠠᠰᠤᠨ ᠳᠤ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠭᠰᠠᠨ ᠡᠩ ᠤᠨ ᠦᠨ᠎ᠡ ᠶᠢᠨ ︽ᠰᠡᠳᠬᠢᠯ ᠢ | ᠳᠤᠯᠠᠭᠠᠴᠠᠭᠤᠯᠬᠤ ᠨᠡᠭᠦᠷᠡᠰᠦ︾ ᠬᠠᠩᠭᠠᠪᠠ᠃ ᠣᠲᠣ ᠪᠣᠯᠲᠠᠯ᠎ᠠ᠂ ᠡᠯ᠎ᠡ ᠰᠢᠶᠠᠩ ᠪᠠᠯᠭᠠᠰᠤ ᠨᠡᠶᠢᠲᠡ 5100 ᠭᠠᠷᠤᠶ | ᠲᠣᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠵᠥᠭᠡᠭᠡᠪᠦᠷᠢᠯᠡᠨ ᠲᠠᠷᠬᠠᠭᠠᠪᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | |