ᠤᠯᠠᠭᠠᠨᠴᠠᠪ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠯᠧᠺᠲ᠋ᠣᠷ ᠯᠢᠶᠠᠩᠴᠧᠩ ᠰᠢᠶᠠᠨ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/10/24
  ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠮᠡᠭᠲᠡᠶᠢᠴᠦᠳ ᠤᠨ ᠶᠡᠭᠡ ᠬᠤᠷᠠᠯ ᠤᠨ ᠤᠬᠠᠭᠤᠯᠤᠨ ᠲᠠᠶᠢᠯᠪᠤᠷᠢᠯᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 23 ᠤ ᠡᠳᠦᠷ᠂ ᠤᠯᠠᠭᠠᠨᠴᠠᠪ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠯᠧᠺᠲ᠋ᠣᠷ ᠢᠶᠠᠨ ᠵᠣᠬᠢᠶᠠᠨ ᠪᠠᠶᠢᠭᠤᠯᠵᠤ ᠮᠠᠨ ᠤ ᠰᠢᠶᠠᠨ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠡᠮᠡᠭᠲᠡᠶᠢᠴᠦᠳ ᠤᠨ ᠶᠡᠭᠡ ᠬᠤᠷᠠᠯ ᠢ ᠤᠬᠠᠭᠤᠯᠤᠨ ᠲᠠᠶᠢᠯᠪᠤᠷᠢᠯᠠᠪᠠ᠃    ᠤᠬᠠᠭᠤᠯᠤᠨ ᠲᠠᠶᠢᠯᠪᠤᠷᠢᠯᠠᠬᠤ ᠳᠤᠮᠳᠠ᠂ ᠤᠯᠠᠭᠠᠨᠴᠠᠪ ᠬᠤᠳᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠡᠮᠡᠭᠲᠡᠢ ᠯᠧᠺᠲ᠋ᠣᠷ ᠯᠢᠦ ᠼᠠᠢ ᠰᠢᠶᠠ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠠᠴᠠ ᠨᠠᠰᠢᠬᠢ ᠨᠠᠮ ᠪᠣᠯᠣᠨ ᠤᠯᠤᠰ ᠤᠨ ᠦᠢᠯᠡᠰ ᠤᠨ ᠣᠯᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠴᠢᠨᠠᠷ᠂ ᠵᠠᠶᠢᠯᠠᠰᠢ ᠦᠭᠡᠢ ᠴᠢᠨᠠᠷ ᠵᠢᠴᠢ ᠴᠢᠬᠤᠯᠠ ᠶᠡᠭᠡ ᠵᠠᠷᠴᠢᠮ ᠵᠡᠷᠭᠡ ᠲᠠᠯ᠎ᠠ ᠪᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠵᠠᠢ᠃ ᠬᠤᠷᠠᠯ ᠳᠤ ᠣᠷᠣᠯᠴᠠᠭᠰᠠᠨ ᠡᠮᠡᠭᠲᠡᠶᠢᠴᠦᠳ ᠰᠡᠳᠬᠢᠯ ᠵᠢᠷᠦᠬᠡᠨ ᠳᠡᠭᠡᠨ ᠬᠠᠳᠠᠩᠰᠢᠵᠤ᠂ ᠰᠢᠶᠠᠨ ᠤ ᠡᠮᠡᠭᠲᠡᠶ ᠠᠵᠤ ᠠᠬᠤᠶᠢᠯᠠᠯᠲᠠᠨ ᠤ ᠨᠡᠶᠢᠭᠡᠮᠯᠢᠭ ᠤᠨ ᠭᠡᠰᠢᠭᠦᠨ ᠵᠦ ᠹᠦ᠋ ᠬᠤᠩ ᠨᠠᠩ ᠴᠤ ᠭᠦᠨ ᠲᠥᠷᠥᠭᠳᠡᠯ ᠲᠠᠢ᠂ ᠲᠡᠷᠡ᠄ ︽ᠰᠢᠶᠠᠨ ᠤ ᠡᠮᠡᠭᠲᠡᠶ ᠠᠵᠤ ᠠᠬᠤᠶᠢᠯᠠᠯᠲᠠᠨ ᠤ ᠨᠡᠶᠢᠭᠡᠮᠯᠢᠭ ᠤᠨ ᠨᠢᠭᠡ ᠭᠡᠰᠢᠭᠦᠨ ᠪᠣᠯᠤᠭᠰᠠᠨ ᠤ ᠬᠤᠪᠢ ᠳᠤ᠂ ᠪᠢ ᠰᠤᠷᠤᠯᠴᠠᠬᠤ ᠰᠠᠨᠠᠭᠠᠴᠢᠯᠠᠭᠠᠲᠤ ᠴᠢᠨᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠲᠣᠰ ᠪᠡᠶ᠎ᠡ ᠶᠢᠨ ᠶᠡᠷᠦᠩᠬᠡᠶᠢᠯᠡᠭᠰᠡᠨ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠡᠮᠡᠭᠲᠡᠶ ᠠᠵᠤ ᠠᠬᠤᠶᠢᠯᠠᠯ ᠤᠨ ᠨᠡᠶᠢᠭᠡᠮᠯᠢᠭ ᠤᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠰᠢᠨ᠎ᠡ ᠡᠭᠦᠷᠭᠡᠯᠡᠯ ᠢ ᠡᠭᠦᠷᠭᠡᠯᠡᠵᠦ᠂ ᠰᠢᠨ᠎ᠡ ᠠᠶᠠᠨ ᠢ ᠠᠯᠬᠤᠨ᠎ᠠ ᠭᠡᠪᠡ᠃ ᠨᠠᠮ ᠤᠨ ᠬᠤᠷᠢᠳᠤᠭᠠᠷ ᠬᠤᠭᠤᠴᠠᠭᠠᠨ᠋ ᠤ ᠲᠥᠪ ᠬᠤᠷᠢᠶᠠᠨ᠋  ᠤ ᠭᠤᠷᠪᠠᠳᠤᠭᠠᠷ ᠪᠥᠬᠦᠳᠡ ᠬᠤᠷᠠᠯ  ᠤᠨ ᠵᠣᠷᠢᠭ ᠰᠠᠨᠠᠭ᠎ᠠ ᠶᠢ ᠡᠳᠦᠷ ᠲᠤᠲᠤᠮ  ᠤᠨ ᠠᠵᠢᠯᠯᠠᠭᠠᠨ᠋  ᠤ ᠬᠦᠴᠦᠨ ᠪᠣᠯᠭᠠᠨ ᠬᠤᠪᠢᠷᠠᠭᠤᠯᠵᠤ᠂  ᠴᠠᠭ ᠢᠮᠡᠭᠲᠠ ᠥᠪᠡᠷ  ᠤᠨ ᠠᠵᠢᠯᠯᠠᠭ᠎ᠠ ᠪᠠᠨ ᠲᠡᠭᠦᠯᠳᠡᠷᠵᠢᠭᠦᠯᠵᠦ᠂ ᠰᠡᠳᠭᠢᠯ ᠰᠠᠨᠠᠭ᠎ᠠ ᠪᠠ ᠡᠮᠡᠭᠲᠡᠢ ᠠᠵᠤ  ᠠᠬᠤᠶᠢᠯᠠᠯ  ᠨᠡᠶᠢᠭᠡᠮᠯᠢᠭ ᠶᠡᠭᠡ  ᠲᠠᠪᠴᠠᠩ ᠲᠤ ᠦᠷᠭᠦᠯᠵᠢᠯᠡᠨ ᠪᠣᠳᠠᠲᠤ ᠶᠠᠪᠤᠳᠠᠯ ᠬᠢᠵᠦ᠂ ᠬᠠᠯᠠᠭᠤᠨ ᠭᠡᠷᠡᠯ ᠰᠠᠴᠤᠷᠠᠭᠤᠯᠬᠤ ᠪᠣᠯᠤᠨ᠎ᠠ︾ ᠭᠡᠵᠦ ᠬᠡᠯᠡᠪᠡ᠃    ᠡᠨᠡ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠨᠢ ᠥᠷᠭᠡᠨ ᠤᠯᠠᠨ ᠡᠮᠡᠭᠲᠡᠶᠢᠴᠦᠳ ᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠭᠠᠪᠠ᠃ ᠳᠠᠷᠠᠭᠠᠴᠢ ᠶᠢᠨ ᠠᠯᠬᠤᠮ ᠳᠤ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠡᠮᠡᠭᠲᠡᠶᠢᠴᠦᠳ ᠲᠤ ᠦᠢᠯᠡᠴᠢᠯᠡᠬᠦ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠯᠢᠶᠠᠩᠴᠧᠩ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠨ᠎ᠡ᠃                                                   ᠨᠠᠶᠢᠷᠠᠭᠤᠯᠤᠭᠴᠢ᠄   ᠶᠠᠩ  ᠿᠦᠢ ᠵᠧᠨ                                                   ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2