10 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ | ᠵᠧᠩ ᠳ᠋ᠦᠩ ᠫᠢᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | 2024 ᠣᠨ ᠤ 4 ᠳ᠋ᠤᠭᠡᠷ ᠤᠳᠠᠭ᠎ᠠ ᠶᠢᠨ ᠬᠤᠷᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠭᠤᠣᠯ | ᠳᠤᠭᠤᠶᠢᠯᠠᠩ ᠤᠨ 8 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ | ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠠᠭᠤᠤ ᠶᠡᠭᠡ ᠤᠯᠤᠰ ᠢᠶᠠᠨ | ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠲᠠᠰᠤᠷᠠᠯᠲᠠ ᠦᠭᠡᠢ | ᠲᠦᠯᠬᠢᠨ ᠤᠷᠤᠭᠰᠢᠯᠠᠭᠤᠯᠬᠤ︾᠂ ᠶᠡᠷᠦᠩᠬᠡᠢ ᠱᠦᠵᠢ ᠰᠢ ᠶᠢᠨ ᠫᠢᠩ ᠤᠨ ᠹᠦᠵᠢᠶᠠᠨ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ | ᠵᠣᠷᠢᠭ ᠰᠠᠨᠠᠭ᠎ᠠ᠂ ︽ᠰᠦᠯᠵᠢᠶᠡᠨ ᠤ ᠳ᠋ᠠᠶᠢᠲ᠋ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠵᠡᠷᠭᠡ ᠶᠢ | ᠤᠯᠠᠮᠵᠢᠯᠠᠨ ᠰᠤᠷᠤᠯᠴᠠᠵᠤ᠂ ᠠᠵᠢᠯᠲᠠᠨ ᠤ ᠶᠠᠪᠤᠳᠠᠯ ᠢ ᠲᠣᠮᠢᠯᠠᠵᠤ ᠪᠠᠭᠤᠯᠭᠠᠬᠤ ᠶᠠᠪᠤᠳᠠᠯ ᠢ ᠰᠤᠳᠤᠯᠪᠠ᠃ | ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠣᠷᠣᠯᠴᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ | ᠤᠬᠠᠭᠤᠯᠵᠤ ᠲᠤᠭᠤᠰᠢᠯᠠᠭᠤᠯᠬᠤ ᠶᠢ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠬᠤ ᠢᠯᠡ ᠲᠣᠳᠣ ᠭᠤᠣᠯ ᠱᠤᠭᠤᠮ | ᠪᠣᠯᠭᠠᠵᠤ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ᠂ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ | ᠂ ᠤᠶᠤᠨ ᠰᠠᠨᠠᠭᠠᠨ ᠳᠤᠨᠢ ᠬᠠᠳᠠᠩᠰᠢᠭᠤᠯᠵᠤ᠂ ᠦᠢᠯᠡ ᠠᠵᠢᠯᠯᠠᠭ᠎ᠠ ᠬᠢᠵᠦ ᠦᠷ᠎ᠡ ᠪᠦᠲᠦᠮᠵᠢ ᠭᠠᠷᠭᠠᠬᠤ ᠶᠢ ᠦᠨᠡᠨ | ᠬᠦ ᠪᠡᠶᠡᠯᠡᠭᠦᠯᠬᠦ ᠬᠡᠷᠡᠭᠲᠡᠢ᠃ ᠹᠦᠵᠢᠶᠠᠨ ᠮᠤᠵᠢ ᠶᠢᠨ ᠬᠠᠮᠲᠤ ᠶᠢᠨ ᠣᠶ ᠰᠢᠭᠤᠶ ᠶᠢᠨ ᠡᠷᠬᠡ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠶ | ᠰᠢᠭᠤᠶ ᠶᠢᠨ ᠢᠳᠡᠭᠡᠨ ᠤ ᠵᠦᠢᠯ᠂ ᠣᠶ ᠶᠢᠨ ᠬᠤᠷᠮᠣᠶ ᠶᠢᠨ ᠠᠵᠤ ᠠᠬᠤᠶ᠂ ᠠᠮᠢ ᠠᠬᠤᠶ ᠶᠢᠨ ᠵᠢᠭᠤᠯᠴᠢᠯᠠᠯ ᠵᠡᠷᠭᠡ | ᠲᠤᠷᠰᠢᠯᠭ᠎ᠠ ᠠᠷᠭ᠎ᠠ ᠬᠢᠳᠡᠯ ᠢ ᠬᠥᠭᠵᠢᠭᠦᠯᠵᠦ᠂ ᠮᠠᠨ ᠤ ᠰᠢᠶᠠᠨ ᠤ ᠠᠮᠢ ᠠᠬᠤᠶ ᠶᠢᠨ ᠳᠠᠪᠠᠭᠤᠯᠢᠭ ᠢ ᠦᠨᠡᠨ ᠬᠦ | ᠪᠠᠳᠠᠷᠠᠭᠤᠯᠬᠤ ᠬᠡᠷᠡᠭᠲᠡᠶ᠃ ︽ᠰᠦᠯᠵᠢᠶᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ | ᠲᠦᠷᠢᠮ︾ ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠲᠦᠷᠢᠮ︾ ᠤᠨ ᠡᠯ᠎ᠡ ᠵᠦᠢᠯ ᠤᠨ ᠲᠣᠭᠲᠠᠭᠠᠯ ᠢ | ᠴᠢᠩᠭ᠎ᠠ ᠵᠢᠷᠤᠮᠯᠠᠵᠤ᠂ ᠰᠦᠯᠵᠢᠶᠡᠨ ᠤ ᠲᠤᠭ᠎ᠠ ᠪᠠᠷᠢᠮᠲᠠ ᠶᠢ ᠰᠢᠢᠳᠪᠦᠷᠢᠯᠡᠬᠦ ᠠᠵᠢᠯᠯᠠᠭ᠎ᠠ ᠶᠢ ᠵᠢᠷᠤᠮᠵᠢᠭᠤᠯᠵᠤ᠂ | ᠰᠦᠯᠵᠢᠶᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ᠃ | | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | |