ᠯᠢᠶᠠᠩᠴᠧᠩ  ᠰᠢᠶᠠᠨ ᠤ ᠱᠢ ᠵᠢᠢ ᠠᠮᠤ ᠪᠤᠳᠠᠭᠠᠨ ᠤ  ᠬᠢᠵᠠᠭᠠᠷᠲᠤ ᠺᠣᠮᠫᠠᠨᠢ ᠠᠮᠤ ᠪᠤᠳᠠᠭ᠎ᠠ ᠬᠤᠷᠢᠶᠠᠬᠤ ᠬᠥᠭᠵᠢᠶᠡᠨ ᠲᠠᠢ ᠤᠯᠠᠷᠢᠯ ᠢ ᠤᠭᠲᠤᠨ ᠠᠪᠴᠢᠷᠠᠯ᠎ᠠ
ᠨᠡᠶᠢᠲᠡᠯᠡᠭᠰᠡᠨ ᠴᠠᠭ᠄
2024/10/28
  ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠡᠯᠳᠡᠪ ᠠᠮᠤ ᠡᠯᠳᠡᠪ ᠪᠤᠷᠴᠠᠭ ᠵᠡᠷᠭᠡ ᠲᠠᠷᠢᠬᠤ ᠲᠠᠯᠠᠪᠠᠢ ᠶᠢ ᠴᠢᠨᠠᠭᠰᠢᠳᠠ ᠥᠷᠭᠡᠳᠬᠡᠵᠦ᠂ ︽ᠯᠢᠶᠠᠩᠴᠧᠩ ᠰᠢᠶᠠᠨ ᠤ ᠬᠠᠭᠤᠷᠠᠢ ᠠᠮᠤ︾᠎ ᠶᠢᠨ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠣᠬᠢᠷᠲᠤᠯ ᠦᠭᠡᠢ ᠣᠷᠭᠠᠨᠢᠭ ᠤᠨᠴᠠᠯᠢᠭᠳᠤ ᠲᠦᠷᠦᠯ ᠲᠡᠮᠳᠡᠭ ᠢ ᠠᠯᠬᠤᠮ ᠠᠯᠬᠤᠮ ᠢᠶᠠᠷ ᠪᠤᠶᠢᠵᠢᠭᠤᠯᠤᠨ ᠪᠤᠵᠠᠭᠠᠶᠢᠷᠠᠭᠤᠯᠪᠠ᠃  ᠤᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ  ᠤᠶᠢᠯᠡᠰᠵᠢᠭᠦᠯᠦᠯᠳᠡ ᠶᠢᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠢᠯᠠᠯ - ᠯᠢᠶᠠᠩᠴᠧᠩ ᠱᠢ ᠵᠢᠢ ᠠᠮᠤ ᠪᠤᠳᠠᠭᠠᠨ ᠤ ᠳᠡᠯᠭᠡᠭᠦᠷ ᠤᠨ ᠬᠢᠵᠠᠭᠠᠷᠲᠤ ᠺᠣᠮᠫᠠᠨᠢ ︵ᠲᠢᠶᠠᠨ ᠶᠧ ᠡᠯᠳᠡᠪ ᠠᠮᠤ︶ ᠠᠮᠤ ᠪᠤᠳᠠᠭ᠎ᠠ ᠬᠤᠳᠠᠯᠳᠤᠨ ᠠᠪᠬᠤ ᠴᠡᠭ ᠨᠢ ᠶᠠᠭᠠᠷᠠᠯᠲᠠᠢ ᠠᠮᠤ ᠪᠤᠳᠠᠭ᠎ᠠ ᠬᠤᠷᠢᠶᠠᠬᠤ ᠤᠯᠠᠷᠢᠯ ᠢ ᠤᠭᠲᠤᠨ ᠠᠪᠴᠢᠷᠠᠵᠠᠢ᠃ ᠠᠮᠤ ᠪᠤᠳᠠᠭ᠎ᠠ ᠳᠦᠭᠦᠷᠲᠡᠯ᠎ᠡ ᠰᠠᠪᠠᠯᠠᠭᠰᠠᠨ ᠲᠣᠮᠣ ᠠᠴᠢᠶᠠᠨ ᠤ ᠮᠠᠰᠢᠨ ᠪᠠ ᠲᠷᠠᠺᠲ᠋ᠣᠷ ᠡᠮᠬᠢ ᠵᠢᠷᠤᠮ ᠲᠠᠢ ᠪᠠᠷ ᠮᠥᠷᠯᠡᠵᠦ ᠬᠥᠮᠥᠷᠭᠡ ᠳᠤ ᠣᠷᠣᠭᠤᠯᠬᠤ ᠶᠢ ᠬᠦᠯᠢᠶᠡᠵᠦ᠂ ᠠᠮᠤ ᠪᠤᠳᠠᠭ᠎ᠠ ᠬᠤᠳᠠᠯᠳᠤᠬᠤ ᠪᠠᠷ ᠢᠷᠡᠭᠰᠡᠨ ᠲᠠᠷᠢᠶᠠᠴᠢᠨ ᠡᠷᠦᠬᠡ ᠲᠠᠰᠤᠷᠠᠯᠲᠠ ᠦᠭᠡᠢ ᠴᠤᠪᠤᠷᠠᠵᠤ ᠪᠠᠶᠢᠯ᠎ᠠ᠃
     ᠬᠤᠳᠠᠯᠳᠤᠨ ᠠᠪᠬᠤ ᠲᠤᠬᠠᠶ ᠶᠢᠨ ᠲᠠᠯᠠᠪᠤᠷ ᠲᠤ᠂ ᠬᠠᠳᠠᠭᠠᠬᠤ ᠲᠠᠯᠠᠪᠠᠶ ᠪᠠ ᠬᠠᠳᠠᠭᠠᠯᠠᠬᠤ ᠬᠥᠮᠥᠷᠭᠡ ᠳᠤ ᠨᠢᠭᠡᠨᠲᠡ ᠥᠨᠳᠥᠷ ᠠᠮᠤ ᠪᠤᠳᠠᠭᠠᠨ ᠤ ᠠᠭᠤᠯᠠ ᠣᠪᠣᠭᠠᠯᠠᠵᠤ᠂ ᠡᠯᠪᠡᠭ ᠬᠤᠷᠢᠶᠠᠯᠲᠠ ᠶᠢᠨ ᠪᠠᠶᠢᠳᠠᠯ ᠬᠠᠷᠠᠭᠳᠠᠨ᠎ᠠ᠃ ᠠᠵᠢᠯᠲᠠᠳ ᠠᠮᠤ ᠪᠤᠳᠠᠭᠠᠨ ᠤ ᠰᠤᠭᠤᠴᠢᠨ ᠪᠠᠶᠢᠴᠠᠭᠠᠬᠤ᠂ ᠬᠡᠲᠦᠷᠡᠭᠦᠯᠬᠦ ᠪᠠ ᠬᠦᠨᠳᠦ ᠶᠢ ᠬᠡᠮᠵᠢᠬᠦ ᠠᠵᠢᠯ ᠢ ᠶᠠᠭᠠᠷᠠᠯᠲᠠᠶ ᠪᠥᠭᠡᠳ ᠡᠮᠬᠢ ᠵᠢᠷᠤᠮ ᠲᠠᠢ ᠪᠠᠷ ᠬᠢᠵᠦ ᠪᠠᠶᠢᠨ᠎ᠠ᠃ ᠲᠡᠳᠡ ᠲᠡᠷᠭᠡ ᠪᠦᠷᠢ ᠶᠢᠨ ᠠᠮᠤ ᠪᠤᠳᠠᠭᠠᠨ ᠤ ᠶᠠᠰᠤ ᠴᠢᠨᠠᠷ ᠤᠨ ᠪᠠᠶᠢᠴᠠᠭᠠᠯᠲᠠ ᠶᠢ ᠨᠠᠷᠢᠨ ᠨᠢᠮᠪᠠᠶ ᠬᠢᠵᠦ᠂ ᠠᠮᠤ ᠪᠤᠳᠠᠭ᠎ᠠ ᠬᠤᠳᠠᠯᠳᠤᠨ ᠠᠪᠬᠤ ᠪᠠᠷᠢᠮᠵᠢᠶ᠎ᠠ ᠳᠤ ᠨᠡᠶᠢᠴᠡᠬᠦ ᠶᠢ ᠦᠨᠡᠨ ᠬᠦ ᠪᠠᠲᠤᠯᠠᠵᠤ᠂ ᠴᠢᠩᠭ᠎ᠠ ᠨᠢᠮᠪᠠᠶ ᠵᠡᠷᠭᠡ ᠳᠡᠰ ᠢ ᠨᠢ ᠦᠨᠡᠯᠡᠨ ᠲᠣᠭᠲᠠᠭᠠᠭᠰᠠᠨ ᠤ ᠳᠠᠷᠠᠭ᠎ᠠ᠂ ᠠᠵᠢᠯᠲᠠᠳ ᠵᠣᠬᠢᠴᠠᠩᠭᠤᠶ ᠦᠨ᠎ᠡ ᠬᠠᠩᠰᠢ ᠪᠠᠷ ᠬᠤᠳᠠᠯᠳᠤᠨ ᠠᠪᠴᠤ᠂ ᠲᠠᠷᠢᠶᠠᠴᠢᠨ ᠡᠷᠦᠬᠡ ᠳᠤ ᠥᠪᠡᠷ ᠤᠨ ᠠᠮᠤ ᠪᠤᠳᠠᠭ᠎ᠠ ᠪᠠᠨ ᠰᠠᠨᠠᠭ᠎ᠠ ᠠᠮᠤᠷ ᠬᠤᠳᠠᠯᠳᠤᠵᠤ ᠴᠢᠳᠠᠬᠤ ᠪᠣᠯᠭᠠᠪᠠ᠃ ᠲᠠᠷᠢᠶᠠᠴᠢᠨ ᠡᠷᠦᠬᠡ  ᠸᠠᠩ  ᠰᠦᠸᠧ ᠸᠧᠨ    ᠪᠢ ᠡᠨᠡ ᠵᠢᠯ 30 ᠭᠠᠷᠤᠢ ᠮᠦ ᠨᠠᠷᠢᠮᠤ ᠲᠠᠷᠢᠪᠠ᠂ ᠡᠨᠡ ᠬᠡᠳᠦᠨ ᠡᠳᠦᠷ ᠤᠰᠤ ᠪᠠᠰᠠ ᠬᠠᠲᠠᠵᠠᠢ᠂ ᠦᠨ᠎ᠡ ᠬᠠᠩᠰᠢ ᠪᠠᠰᠠ ᠦᠰᠴᠡᠢ᠃ ᠣᠯᠠᠨ ᠵᠢᠯ ᠤᠨ ᠲᠤᠷᠰᠢ᠂ ᠲᠠᠷᠢᠶᠠᠨ ᠭᠠᠵᠠᠷ ᠪᠠ ᠡᠯᠳᠡᠪ ᠠᠮᠤ ᠠᠮᠤ ᠪᠤᠳᠠᠭ᠎ᠠ ᠳᠤ ᠲᠥᠪ ᠭᠤᠤᠯᠴᠢ ᠢᠯᠡ ᠲᠣᠳᠣ ᠪᠠᠶᠢᠬᠤ ᠵᠠᠷᠴᠢᠮ ᠢ ᠢᠮᠠᠭᠲᠠ ᠪᠠᠷᠢᠮᠲᠠᠯᠠᠵᠤ᠂ ᠤᠯᠤᠰ ᠤᠨ ᠠᠮᠤ ᠪᠤᠳᠠᠭ᠎ᠠ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠭᠰᠡᠭᠡᠷ ᠢᠷᠡᠵᠡᠶ᠃ ᠬᠤᠳᠠᠯᠳᠤᠨ ᠠᠪᠬᠤ ᠶᠠᠪᠤᠴᠠ ᠳᠤ᠂ ᠲᠡᠳᠡ ᠶᠠᠰᠤ ᠴᠢᠨᠠᠷ ᠤᠨ ᠪᠠᠶᠢᠴᠠᠭᠠᠯᠲᠠ ᠪᠠ ᠬᠡᠮᠵᠢᠯᠲᠡ ᠶᠢᠨ ᠬᠦᠨᠳᠦ ᠶᠢ ᠬᠡᠮᠵᠢᠬᠦ ᠣᠨᠣᠪᠴᠢᠲᠤ ᠴᠢᠨᠠᠷ ᠢ ᠴᠢᠬᠤᠯᠠᠴᠢᠯᠠᠵᠤ᠂ ᠲᠠᠷᠢᠶᠠᠴᠢᠳ ᠲᠤ ︽ᠠᠮᠤ ᠪᠤᠳᠠᠭ᠎ᠠ︾ ︽ᠰᠠᠨᠠᠭ᠎ᠠ ᠠᠮᠤᠷ ᠠᠮᠤ ᠪᠤᠳᠠᠭ᠎ᠠ︾ ︽ᠲᠠᠭᠠᠯᠠᠮᠵᠢᠲᠠᠶ ᠠᠮᠤ ᠪᠤᠳᠠᠭ᠎ᠠ︾ ᠬᠤᠳᠠᠯᠳᠤᠵᠤ ᠥᠭᠭᠦᠨ᠎ᠡ᠃ ᠡᠭᠦᠨ ᠤ ᠬᠠᠮᠲᠤ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠳᠤ ᠦᠷᠭᠦᠯᠵᠢᠯᠡᠨ ᠬᠠᠭᠤᠷᠠᠢ ᠭᠠᠵᠠᠷ ᠤᠨ ᠡᠯᠳᠡᠪ ᠠᠮᠤ ᠨᠠᠷᠢᠯᠢᠭ ᠰᠣᠩᠭᠤᠬᠤ ᠶᠢ ᠪᠠᠲᠤᠯᠠᠵᠤ᠂ ᠬᠡᠷᠡᠭᠯᠡᠭᠴᠢᠳ᠂ ᠬᠡᠷᠡᠭᠯᠡᠭᠴᠢᠳ ᠤᠨ ᠬᠤᠭᠤᠯᠠᠨ ᠰᠢᠷᠡᠭᠡ ᠳᠤ ᠠᠮᠤᠷ ᠲᠦᠪᠰᠢᠨ ᠤ ᠰᠢᠯᠢᠳᠡᠭ ︽ᠠᠮᠤ ᠪᠤᠳᠠᠭ᠎ᠠ︾ ᠬᠠᠩᠭᠠᠬᠤ ᠬᠡᠷᠡᠭᠲᠡᠢ᠃
   ᠯᠢᠶᠠᠩᠴᠧᠩ ᠱᠢ ᠵᠢᠢ ᠠᠮᠤ ᠪᠤᠳᠠᠭᠠᠨ ᠤ ᠬᠤᠳᠠᠯᠳᠤᠭᠠᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠠᠩ ᠮᠢᠩ ᠸᠠᠩ ᠲᠠᠨᠢᠯᠴᠠᠭᠤᠯᠬᠤ ᠳᠠᠭᠠᠨ᠄ ︽ᠠᠷᠪᠠᠨ ᠰᠠᠷ᠎ᠠ ᠶᠢᠨ ᠳᠤᠮᠳᠠᠴᠢ ᠠᠴᠠ ᠡᠬᠢᠯᠡᠨ᠂ ᠪᠢᠳᠡ ᠬᠤᠳᠠᠯᠳᠤᠨ ᠠᠪᠬᠤ ᠬᠥᠭᠵᠢᠶᠡᠨᠲᠡᠶ ᠤᠯᠠᠷᠢᠯ ᠳᠤ ᠣᠷᠣᠵᠠᠶ᠂ ᠡᠨᠡ ᠬᠡᠳᠦᠨ ᠡᠳᠦᠷ ᠠᠮᠤ ᠪᠤᠳᠠᠭᠠᠨ ᠤ ᠤᠰᠤ ᠨᠢᠭᠡᠨᠲᠡ ᠮᠠᠨ ᠤ ᠬᠤᠳᠠᠯᠳᠤᠨ ᠠᠪᠬᠤ ᠪᠠᠷᠢᠮᠵᠢᠶ᠎ᠠ ᠳᠤ ᠬᠦᠷᠴᠡᠶ᠃ ᠪᠢᠳᠡ ᠭᠤᠣᠯᠳᠠᠭᠤ ᠡᠯᠳᠡᠪ ᠠᠮᠤ ᠡᠯᠳᠡᠪ ᠪᠤᠷᠴᠠᠭ᠂ ᠨᠠᠷᠢᠮᠤ᠂ ᠰᠢᠯᠦᠭᠡᠢ ᠠᠮᠤ ᠬᠤᠳᠠᠯᠳᠤᠨ ᠠᠪᠤᠨ᠎ᠠ᠃ ᠣᠶᠢᠷ᠎ᠠ ᠳᠤ ᠰᠢᠯᠦᠭᠡᠢ ᠬᠤᠳᠠᠯᠳᠤᠨ ᠠᠪᠤᠭᠠᠳ 2000 ᠭᠠᠷᠤᠶ ᠲᠣᠨ ᠳᠤ ᠬᠦᠷᠴᠦ᠂ ᠨᠠᠷᠢᠮᠤ 4000 ᠭᠠᠷᠤᠶ ᠲᠣᠨ᠂ ᠡᠯᠳᠡᠪ ᠠᠮᠤ ᠡᠯᠳᠡᠪ ᠪᠤᠷᠴᠠᠭ ᠪᠣᠯᠤᠨ ᠪᠤᠰᠤᠳ ᠲᠠᠷᠢᠮᠠᠯ 1000 ᠭᠠᠷᠤᠶ ᠲᠣᠨ ᠬᠦᠷᠴᠡᠶ᠂ ᠡᠨᠡ ᠬᠡᠳᠦᠨ ᠡᠳᠦᠷ ᠠᠭᠤᠷ ᠠᠮᠢᠰᠬᠤᠯ ᠤᠨ ᠬᠤᠪᠢᠷᠠᠯᠲᠠ ᠪᠣᠯᠤᠨ ᠤᠰᠤ ᠳᠣᠷᠣᠭᠰᠢᠯᠠᠬᠤ ᠶᠢ ᠳᠠᠭᠠᠯᠳᠤᠨ᠂ ᠡᠯᠳᠡᠪ ᠠᠮᠤ ᠶᠢᠨ ᠦᠨ᠎ᠡ ᠴᠦ ᠨᠡᠯᠢᠶᠡᠳ ᠵᠦᠭᠡᠷ ᠪᠠᠶᠢᠵᠤ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠴᠤ ᠵᠦᠭᠡᠷ ᠪᠠᠶᠢᠵᠤ᠂ ᠲᠠᠷᠢᠶᠠᠴᠢᠨ ᠡᠷᠦᠬᠡ ᠪᠣᠯᠤᠨ ᠮᠠᠨ ᠤ ᠠᠵᠤ ᠠᠬᠤᠶᠢᠯᠠᠯ ᠳᠤ ᠠᠪᠴᠤ ᠬᠡᠯᠡᠪᠡᠯ ᠴᠥᠮ ᠬᠤᠶᠠᠷ ᠲᠠᠯ᠎ᠠ ᠪᠠᠷ ᠢᠶᠠᠨ ᠠᠰᠢᠭ ᠬᠦᠷᠲᠡᠨ᠎ᠡ  ︾ ᠭᠡᠪᠡ᠃                                   ᠨᠠᠶᠢᠷᠠᠭᠤᠯᠤᠭᠴᠢ᠄   ᠴᠧᠨ ᠰᠢᠶᠤᠤ ᠵᠢᠤᠸᠠᠨ                                   ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2