ᠯᠢᠶᠠᠩᠴᠧᠩ ᠰᠢᠶᠠᠨ ᠤ ᠲᠥᠯᠥᠭᠡᠯᠡᠭᠴᠢᠳ ᠤᠨ ᠠᠩᠭᠢ ᠤᠯᠠᠭᠠᠨᠴᠠᠪ ᠬᠤᠲᠠ ᠶᠢᠨ ᠵᠠᠯᠠᠭᠤᠴᠤᠳ ᠪᠠᠭᠠᠴᠤᠳ ᠤᠨ ᠤᠮᠪᠠᠯᠲᠠ ᠶᠢᠨ ᠤᠷᠤᠯᠳᠤᠭᠠᠨ ᠳᠡᠭᠡᠷ᠎ᠡ ᠰᠢᠯᠢᠳᠡᠭ ᠠᠮᠵᠢᠯᠲᠠ ᠤᠯᠪᠠ︕
ᠨᠡᠶᠢᠲᠡᠯᠡᠭᠰᠡᠨ ᠴᠠᠭ᠄
2024/10/28
   10 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠬᠤᠶᠠᠷ ᠡᠳᠦᠷ ᠤᠨ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ︽ᠭᠠᠪᠰᠢᠭᠠᠶᠢᠯᠠᠶ᠎ᠠ︾ 2024 ᠣᠨ ᠳᠤ ᠤᠯᠠᠭᠠᠨᠴᠠᠪ ᠬᠤᠲᠠ ᠶᠢᠨ ᠵᠠᠯᠠᠭᠤᠴᠤᠳ ᠪᠠᠭᠠᠴᠤᠳ ᠤᠨ ᠤᠮᠪᠠᠯᠲᠠ ᠶᠢᠨ ᠤᠷᠤᠯᠳᠤᠭᠠᠨ ᠥᠨᠳᠥᠷᠯᠡᠪᠡ᠃ ᠲᠣᠰ ᠤᠳᠠᠭᠠᠨ ᠤ ᠤᠷᠤᠯᠳᠤᠭᠠᠨ ᠳᠤ ᠨᠡᠶᠢᠲᠡ 37 ᠠᠯᠲᠠᠨ ᠮᠧᠳᠠᠯ᠂ 31 ᠮᠥᠩᠭᠦᠨ ᠮᠧᠳᠠᠯ᠂ 22 ᠬᠦᠷᠡᠯ ᠮᠧᠳᠠᠯ ᠭᠠᠷᠭᠠᠵᠤ᠂ ᠡᠭᠦᠨ ᠳᠤ᠂ ᠯᠢᠶᠠᠩᠴᠧᠩ ᠰᠢᠶᠠᠨ ᠤ ᠠᠵᠢᠯ ᠤᠨ ᠴᠢᠯᠥᠭᠡᠨ ᠤ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠲᠥᠯᠥᠭᠡᠯᠡᠭᠴᠢ ᠯᠢᠶᠠᠩᠴᠧᠩ ᠰᠢᠶᠠᠨ ᠳᠤ ᠨᠡᠶᠢᠲᠡ 24 ᠠᠯᠲᠠᠨ ᠮᠧᠳᠠᠯ᠂ 13 ᠮᠥᠩᠭᠦᠨ ᠮᠧᠳᠠᠯ᠂ 11 ᠬᠦᠷᠡᠯ ᠮᠧᠳᠠᠯ ᠣᠯᠵᠤ᠂ ᠶᠡᠷᠦᠩᠬᠡᠶ ᠬᠢᠷᠢ ᠪᠦᠲᠦᠮᠵᠢ ᠪᠠᠷ 450 ᠬᠤᠪᠢ ᠶᠢᠨ ᠪᠦᠯᠬᠦᠮ ᠤᠨ ᠶᠡᠷᠦᠩᠬᠡᠶ ᠬᠤᠪᠢ ᠶᠢᠨ ᠨᠢᠭᠡᠳᠦᠭᠡᠷ ᠲᠤ ᠣᠷᠣᠪᠠ᠃
     ᠬᠡᠤᠬᠡᠳ ᠪᠠ ᠵᠠᠯᠠᠭᠤᠴᠤᠳ ᠪᠠᠭᠠᠴᠤᠳ ᠲᠤ ᠬᠠᠨᠳᠤᠭᠤᠯᠤᠭᠰᠠᠨ ᠭᠤᠤᠯ ᠰᠡᠳᠦᠪᠲᠦ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠮᠥᠨ᠂ ᠡᠨᠡ ᠨᠢ ᠪᠥᠬᠦ ᠠᠷᠠᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠳᠡᠯᠭᠡᠷᠡᠭᠦᠯᠵᠦ᠂ ᠥᠷᠭᠡᠨ ᠣᠯᠠᠨ ᠬᠡᠤᠬᠡᠳ᠂ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ ᠶᠤᠮ᠃
   ᠲᠣᠰ ᠤᠳᠠᠭᠠᠨ ᠤ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠵᠠᠯᠠᠭᠤᠴᠤᠳ ᠪᠠᠭᠠᠴᠤᠳ ᠤᠨ ᠤᠮᠪᠠᠯᠲᠠ ᠶᠢᠨ ᠲᠠᠮᠢᠷ ᠤᠨ ᠬᠥᠳᠡᠯᠭᠡᠭᠡᠨ ᠤ ᠳᠤᠷ᠎ᠠ ᠰᠣᠨᠢᠷᠬᠠᠯ ᠪᠠ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠲᠡᠳᠡᠨ ᠤ ᠬᠥᠮᠦᠨ ᠤ ᠠᠮᠢᠳᠤᠷᠠᠯ ᠤᠨ ᠵᠠᠮ ᠳᠡᠭᠡᠷ᠎ᠡ ᠳᠠᠪᠠᠯᠭᠠᠨ ᠢ ᠵᠦᠰᠦᠨ ᠤᠷᠤᠭᠰᠢᠯᠠᠵᠤ᠂ ︽ᠤᠮᠪᠠᠯᠲᠠ︾ ᠤᠷᠤᠭᠰᠢ ᠪᠠᠨ ᠤᠷᠤᠭᠰᠢᠯᠠᠵᠤ᠂ ︽ᠤᠮᠪᠠᠯᠲᠠ︾ ᠰᠢᠯᠢᠳᠡᠭ ᠠᠮᠵᠢᠯᠲᠠ ᠤᠯᠬᠤ ᠶᠢ ᠵᠣᠷᠢᠭᠵᠢᠭᠤᠯᠵᠠᠶ᠃                                             ᠨᠠᠶᠢᠷᠠᠭᠤᠯᠤᠭᠴᠢ᠄   ᠴᠧᠨ ᠰᠢᠶᠤᠤ ᠵᠢᠤᠸᠠᠨ                                              ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2