ᠲᠠᠭ᠎ᠠ ᠶᠢᠨ ᠨᠠᠭᠤᠷ ᠤᠨ ᠨᠠᠮᠤᠷ
ᠨᠡᠶᠢᠲᠡᠯᠡᠭᠰᠡᠨ ᠴᠠᠭ᠄
2024/10/28
   ᠲᠠᠭ᠎ᠠ ᠶᠢᠨ ᠨᠠᠭᠤᠷ ᠤᠨ ᠨᠠᠮᠤᠷ᠂ ᠣᠭᠲᠠᠷᠭᠤᠶ ᠴᠡᠯᠮᠡᠭ᠂ ᠨᠡᠷᠡᠨ ᠤ ᠭᠡᠷᠡᠯ ᠡᠭᠦᠯᠡᠨ ᠳᠠᠪᠬᠤᠷᠭ᠎ᠠ ᠶᠢ ᠨᠡᠪᠲᠡᠯᠦᠨ ᠳᠤᠯᠠᠭᠠᠬᠠᠨ ᠲᠤᠶᠠᠭ᠎ᠠ ᠰᠠᠴᠤᠷᠠᠭᠤᠯᠤᠨ᠎ᠠ᠃ ᠬᠤᠯᠤᠰᠤ ᠨᠠᠬᠢᠯᠵᠠᠵᠤ᠂ ᠵᠥᠭᠡᠯᠡᠨ ᠰᠠᠯᠬᠢ ᠰᠡᠪᠡᠯᠵᠡᠨ ᠥᠩᠭᠡᠷᠡᠵᠦ᠂ ᠤᠰᠤᠨ ᠤ ᠡᠷᠭᠢ ᠨᠢ ᠤᠰᠤᠨ ᠬᠤᠯᠤᠰᠤ ᠳᠣᠯᠭᠢᠶᠠᠯᠠᠨ ᠳᠠᠪᠠᠯᠭᠠᠯᠠᠵᠤ᠂ ᠶᠠᠭ ᠯᠠ ᠠᠯᠲᠠᠨ ᠰᠢᠷᠭᠠᠯ ᠳᠠᠯᠠᠢ ᠮᠡᠲᠦ ᠬᠠᠷᠠᠭᠳᠠᠨ᠎ᠠ᠃
      ᠨᠢᠰᠳᠡᠭ ᠰᠢᠪᠠᠭᠤ ᠪᠤᠴᠠᠵᠤ ᠢᠷᠡᠭᠡᠳ ᠲᠩᠷᠢ ᠶᠢ ᠵᠦᠰᠦᠵᠦ ᠴᠡᠭᠡᠯᠭᠡᠨ ᠰᠠᠶᠢᠬᠠᠨ ᠳᠠᠭᠤᠤ  ᠡᠭᠡᠰᠢᠭᠯᠡᠨ᠎ᠡ᠃ ᠲᠡᠳᠡ ᠡᠨᠡ ᠬᠦ ᠡᠯᠪᠡᠭ ᠬᠤᠷᠢᠶᠠᠯᠲᠠ ᠣᠯᠣᠭᠰᠠᠨ ᠭᠠᠵᠠᠷ ᠠᠴᠠ ᠰᠠᠯᠵᠤ ᠡᠮᠦᠨᠡᠲᠦ ᠣᠷᠣᠨ ᠤᠷᠤᠭᠤ ᠲᠡᠮᠡᠦᠯᠵᠦ  ᠪᠠᠶᠢᠬᠤ ᠰᠢᠭ ᠰᠠᠨᠠᠭᠳᠠᠨ᠎ᠠ᠃ ᠡᠨᠡ ᠦᠶ᠎ᠡ ᠶᠢᠨ ᠲᠠᠭ᠎ᠠ ᠶᠢᠨ ᠨᠠᠭᠤᠷ ᠨᠢ ᠶᠠᠭ ᠯᠠ  ᠬᠥᠮᠥᠨ ᠢ ᠰᠣᠭᠲᠤᠭᠤᠷᠠᠭᠤᠯᠵᠤ᠂ ᠤᠰᠤᠨ ᠭᠠᠳᠠᠷᠭᠤ ᠨᠢ ᠳᠣᠯᠭᠢᠶᠠᠯᠠᠨ ᠳᠠᠪᠠᠯᠭᠠᠯᠠᠵᠤ᠂ ᠥᠩᠭᠡ ᠢᠯᠭᠠᠷᠠᠨ ᠬᠠᠷᠠᠭᠳᠠᠨ᠎ᠠ᠃
   ᠨᠠᠭᠤᠷ ᠤᠨ ᠬᠥᠪᠡᠭᠡᠨ ᠳᠤ ᠶᠠᠪᠤᠵᠤ  ᠪᠠᠶᠢᠬᠤ ᠳᠤ ᠰᠡᠳᠭᠢᠯ ᠳᠣᠲᠣᠷ᠎ᠠ ᠨᠢ ᠨᠢᠭᠡ ᠬᠡᠰᠡᠭ ᠤᠷᠮ᠎ᠠ ᠰᠡᠳᠭᠢᠯᠭᠡ ᠦᠭᠡᠢ ᠪᠣᠯᠵᠤ᠂ ᠤᠯᠠᠷᠢᠯ ᠰᠣᠯᠢᠭ ᠳᠠᠭᠠᠳ ᠠᠷᠭ᠎ᠠ ᠪᠠᠨ ᠪᠠᠷᠠᠭᠰᠠᠨ᠂ ᠤᠨ ᠵᠢᠯ ᠨᠢ  ᠬᠠᠶᠢᠷ᠎ᠠ ᠦᠭᠡᠢ ᠪᠣᠯᠤᠭᠰᠠᠨ  ᠰᠢᠭ᠋ ᠰᠠᠨᠠᠭᠳᠠᠪᠠ᠃ ᠭᠡᠲᠡᠯ᠎ᠡ᠂ ᠶᠠᠭ ᠡᠨᠡ ᠬᠦ ᠭᠤᠲᠤᠷᠠᠩᠭᠤᠢ ᠭᠤᠲᠤᠷᠠᠵᠤ ᠪᠠᠶᠢᠬᠤ ᠨᠢ ᠬᠦᠮᠦᠰ ᠢ ᠨᠡᠩ ᠢᠯᠡᠭᠦᠦ ᠨᠢᠳᠦᠨ ᠡᠮᠦᠨᠡᠬᠢ ᠰᠠᠶᠢᠨ ᠰᠠᠶᠢᠬᠠᠨ ᠢᠶᠠᠨ ᠨᠠᠨᠳᠢᠩᠨᠠᠬᠤ ᠲᠦᠷᠦᠭᠳᠡᠯ ᠤᠷᠤᠭᠤᠯᠤᠨ᠎ᠠ᠃ ᠳᠠᠭ᠎ᠠ ᠶᠢᠨ ᠨᠠᠭᠤᠷ ᠤᠨ ᠨᠠᠮᠤᠷ ᠪᠣᠯ ᠬᠦᠰᠡᠯ ᠡᠷᠡᠮᠡᠯᠵᠡᠯ᠂ ᠲᠤᠭ᠎ᠠ ᠲᠣᠮᠰᠢ ᠦᠭᠡᠢ ᠬᠦᠰᠡᠯ ᠡᠷᠡᠮᠡᠯᠵᠡᠯ ᠪᠠ ᠬᠦᠰᠡᠯ ᠡᠷᠡᠮᠡᠯᠵᠡᠯ ᠢ ᠠᠴᠢᠶᠠᠯᠠᠵᠤ ᠂ ᠡᠭᠦᠷᠢᠳᠡ ᠵᠤᠬᠰᠤᠰᠢ ᠦᠭᠡᠢ ᠨᠡᠩ ᠰᠠᠶᠢᠨ᠂ ᠨᠡᠩ ᠴᠢᠩᠭ᠎ᠠ ᠮᠣᠷᠳᠠᠵᠤ ᠪᠠᠶᠢᠨ᠎ᠠ︕                                             ᠨᠠᠶᠢᠷᠠᠭᠤᠯᠤᠭᠴᠢ᠄   ᠶᠠᠩ  ᠿᠦᠢ ᠵᠧᠨ                                             ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2