︽ᠰᠢᠪᠠᠭᠤᠨ ᠤ  ᠲᠦᠷᠦᠯ︾  ᠤᠨ ᠲᠣᠭᠤᠳᠠᠭ ᠨᠢ ᠪᠠᠰᠠ  ᠯᠢᠶᠠᠩᠴᠧᠩ ᠳᠤ ᠢᠷᠡᠵᠡᠢ︕
ᠨᠡᠶᠢᠲᠡᠯᠡᠭᠰᠡᠨ ᠴᠠᠭ᠄
2024/10/28
   ᠤᠶᠢᠷ᠎ᠠ ᠶᠢᠨ ᠡᠳᠦᠷ᠂ 40 ᠭᠠᠷᠤᠢ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ ᠤ ᠲᠣᠭᠤᠳᠠᠭ ︽ᠪᠣᠯᠵᠤᠭ᠎ᠠ ᠶᠣᠰᠣᠭᠠᠷ ᠬᠦᠷᠴᠦ︾᠂ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠨᠢᠰᠴᠦ  ᠪᠠᠶᠢᠪᠠ᠂ ᠡᠨᠡ ᠨᠢ ᠪᠠᠰᠠ ᠲᠠᠪᠤᠨ ᠵᠢᠯ ᠳᠠᠷᠠᠭᠠᠯᠠᠨ ᠳᠠᠭ᠎ᠠ ᠶᠢᠨ ᠨᠠᠭᠤᠷ ᠤᠨ  ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠡᠪᠦᠯᠵᠢᠵᠦ ᠪᠠᠶᠢᠭ᠎ᠠ ᠶᠠᠪᠤᠳᠠᠯ ᠪᠣᠯᠤᠨ᠎ᠠ᠃
      ᠡᠨᠡ ᠬᠡᠳᠦᠨ ᠡᠳᠦᠷ᠂ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠥᠷᠭᠡᠨ ᠠᠭᠤᠳᠠᠮ ᠲᠠᠯ᠎ᠠ ᠳᠡᠭᠡᠷ᠎ᠡ᠂ ᠲᠣᠭᠤᠳᠠᠭ ᠶᠠᠭ ᠰᠠᠶ᠋ᠢᠬᠠᠨ ᠲᠣᠯᠣᠭᠠᠢ ᠳᠠᠷᠤᠨ ᠢᠳᠡᠰᠢ ᠡᠷᠢᠵᠦ᠂  ᠬᠠᠶᠠ ᠭᠠᠵᠠᠷ ᠰᠠᠢ ᠦᠭᠡᠢ ᠠᠵᠢᠭᠯᠠᠵᠤ᠂ ᠪᠠᠶᠢᠨ ᠪᠠᠶᠢᠨ ᠵᠢᠭᠦᠷ ᠢᠶᠠᠨ ᠬᠤᠷᠦ᠋ᠢᠯᠠᠨ ᠣᠭᠲᠠᠷᠭᠤᠢ ᠵᠦᠭ ᠨᠢᠰᠴᠦ᠂ ᠨᠠᠮᠤᠷ ᠤᠨ ᠭᠦᠨ ᠦᠶ᠎ᠡ ᠶᠢᠨ ᠳᠠᠭ᠎ᠠ ᠶᠢᠨ ᠨᠠᠭᠤᠷ ᠤᠨ ᠨᠤᠭᠤ ᠭᠠᠵᠠᠷ ᠲᠤ ᠬᠢᠵᠠᠭᠠᠯᠠᠰᠢ ᠦᠭᠡᠢ ᠠᠮᠢᠵᠢᠷᠠᠯ ᠤᠨ ᠬᠦᠴᠦᠨ ᠣᠯᠭᠤᠵᠦ ᠪᠠᠶᠢᠨ᠎ᠠ᠃
       ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠢᠯᠡᠴᠢᠯᠡᠭᠡᠨ ᠤ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤᠬᠠᠭᠤᠯᠭ᠎ᠠ ᠶᠢᠨ ᠬᠢᠴᠢᠶᠡᠯ ᠤᠨ ᠭᠡᠷ ᠤᠨ ᠡᠷᠬᠢᠯᠡᠭᠴᠢ ᠴᠧᠨ ᠢᠦᠶ᠄ 10 ᠰᠠᠷ᠎ᠠ ᠶᠢᠨ 10 ᠤ ᠡᠳᠦᠷ ᠠᠴᠠ ᠡᠬᠢᠯᠡᠨ᠂ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ ᠤ ᠲᠣᠭᠤᠳᠠᠭ ᠵᠠᠯᠭᠠᠭ᠎ᠠ ᠪᠠᠷ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠦᠷᠴᠦ  ᠢᠷᠡᠪᠡ᠃ ᠣᠳᠣᠬᠠᠨ ᠳᠤ ᠲᠣᠭᠤᠳᠠᠭ ᠨᠡᠶᠢᠲᠡ 40 ᠭᠠᠷᠤᠶ ᠪᠠᠶᠢᠵᠤ᠂ ᠲᠠᠷᠠᠭᠠᠴᠢ ᠶᠢᠨ ᠠᠯᠬᠤᠮ ᠳᠤ᠂ ᠮᠠᠨ ᠤ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠬᠢᠨᠠᠨ ᠬᠡᠮᠵᠢᠬᠦ ᠪᠠ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠲᠣᠭᠤᠳᠠᠭ ᠠᠮᠤᠷ ᠲᠦᠪᠰᠢᠨ ᠢᠶᠠᠷ ᠡᠪᠦᠯᠵᠢᠬᠦ ᠶᠢ ᠦᠨᠡᠨ ᠬᠦ ᠪᠠᠲᠤᠯᠠᠨ᠎ᠠ ᠭᠡᠪᠡ᠃
        ᠲᠣᠭᠤᠳᠠᠭ ᠪᠣᠯ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠬᠡᠭᠡᠷ᠎ᠡ ᠶᠢᠨ ᠠᠮᠢᠲᠠᠨ ᠪᠠᠶᠢᠵᠤ᠂ ᠳᠡᠯᠡᠬᠡᠶ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠬᠤᠯᠪᠣᠭ᠎ᠠ ᠳᠤ ᠮᠥᠬᠦᠬᠦ ᠰᠢᠬᠠᠭᠰᠠᠨ ᠳᠦᠷᠰᠦ ᠶᠢᠨ ᠬᠤᠪᠢᠰᠬᠠᠯ ᠤᠨ ᠨᠡᠷᠡᠰ ᠤᠨ ᠵᠢᠭᠰᠠᠭᠠᠯᠲᠠ ᠳᠤ ᠣᠷᠣᠵᠤ᠂ ︽ᠰᠢᠪᠠᠭᠤᠨ ᠤ ᠳᠣᠲᠣᠷᠠᠬᠢ ᠲᠣᠮᠣ ᠮᠠᠯᠤᠷ ᠦᠳᠡᠭᠡ︾ ᠭᠡᠵᠦ ᠠᠯᠳᠠᠷᠰᠢᠵᠠᠢ᠃ ᠭᠤᠣᠯᠳᠠᠭᠤ ᠥᠷᠭᠡᠨ ᠠᠭᠤᠳᠠᠮ ᠲᠠᠯ᠎ᠠ ᠨᠤᠲᠤᠭ᠂ ᠬᠠᠭᠠᠰ ᠴᠦᠯᠯᠡᠷᠭᠡᠭ ᠭᠠᠵᠠᠷ ᠪᠠ ᠲᠠᠷᠢᠶᠠᠨ ᠭᠠᠵᠠᠷ ᠲᠤ ᠠᠮᠢᠳᠤᠷᠠᠵᠤ᠂ ᠶᠡᠷᠦ ᠳᠤ ᠪᠠᠨ ᠰᠦᠷᠦᠭᠯᠡᠨ ᠬᠥᠳᠡᠯᠵᠦ᠂ ᠴᠢᠳᠠᠮᠠᠭᠠᠢ ᠪᠠᠷ ᠭᠦᠶᠦᠳᠡᠭ᠃ ᠲᠣᠭᠤᠳᠠᠭ ᠤᠨ ᠲᠥᠷᠥᠯ ᠪᠣᠯ ᠬᠡᠭᠡᠷ᠎ᠡ ᠶᠢᠨ ᠡᠪᠡᠰᠦ ᠢᠳᠡᠬᠦ ᠮᠥᠷᠲᠡᠭᠡᠨ ᠪᠠᠰᠠ ᠴᠣᠬᠤ ᠬᠤᠷᠣᠬᠠᠶ᠂ ᠴᠠᠷᠴᠠᠬᠠᠶ᠂ ᠰᠠᠬᠤᠯᠢᠭ ᠬᠤᠷᠣᠬᠠᠶ ᠵᠡᠷᠭᠡ ᠶᠢ ᠢᠳᠡᠳᠡᠭ᠂ ᠡᠷ᠎ᠡ ᠪᠡᠯᠭᠡ ᠶᠢᠨ ᠣᠷᠳᠣ ᠨᠢ 1 ᠮᠧᠲᠷ ᠢ ᠳᠠᠪᠠᠵᠤ ᠪᠣᠯᠤᠨ᠎ᠠ᠂ ᠬᠦᠨᠳᠦ ᠨᠢ 10 ᠺᠢᠯᠣᠭ᠍ᠷᠠᠮ ᠣᠷᠴᠢᠮ ᠬᠦᠷᠴᠦ᠂ ᠣᠳᠣᠬᠠᠨ ᠤ ᠳᠡᠯᠡᠬᠡᠶ ᠳᠡᠭᠡᠷᠡᠬᠢ ᠬᠠᠮᠤᠭ ᠤᠨ ᠶᠡᠭᠡ ᠨᠢᠰᠦᠯᠲᠡ ᠶᠢᠨ ᠰᠢᠪᠠᠭᠤᠨ ᠤ ᠨᠢᠭᠡ ᠪᠣᠯᠤᠨ᠎ᠠ᠃ ᠣᠶᠢᠷ᠎ᠠ ᠶᠢᠨ ᠵᠢᠯ ᠳᠤ᠂ ᠯᠢᠶᠠᠩᠴᠧᠩ ᠰᠢᠶᠠᠨ ᠳᠠᠭ᠎ᠠ ᠶᠢᠨ ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠶᠡᠬᠡᠪᠡᠷ ᠬᠡᠷᠡᠭᠵᠢᠭᠦᠯᠬᠦ ᠪᠠᠷ ᠳᠠᠮᠵᠢᠭᠤᠯᠤᠨ᠂ ᠳᠠᠭ᠎ᠠ ᠶᠢᠨ ᠨᠠᠭᠤᠷ ᠤᠨ ᠣᠷᠴᠢᠨ ᠲᠣᠭᠤᠷᠢᠨ ᠤ ᠨᠤᠭᠤ ᠭᠠᠵᠠᠷ ᠤᠨ ᠲᠠᠯᠠᠪᠠᠶ ᠶᠢ ᠵᠢᠯ ᠳᠠᠷᠠᠭᠠᠯᠠᠨ ᠨᠡᠮᠡᠭᠳᠡᠭᠦᠯᠵᠦ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠨᠣᠷᠮ᠎ᠠ ᠶᠢ ᠵᠠᠰᠠᠬᠤ ᠠᠴᠠ ᠡᠮᠦᠨᠡᠬᠢ 68% ᠠᠴᠠ 70% ᠪᠣᠯᠭᠠᠨ ᠨᠡᠮᠡᠭᠳᠡᠭᠦᠯᠵᠦ᠂ ᠰᠢᠪᠠᠭᠤᠨ ᠤ ᠲᠥᠷᠥᠯ ᠤᠨ ᠲᠥᠷᠥᠯ ᠵᠦᠢᠯ ᠢ ᠵᠠᠰᠠᠬᠤ ᠠᠴᠠ ᠡᠮᠦᠨᠡᠬᠢ 68 ᠵᠦᠢᠯ ᠪᠠᠶᠢᠭᠰᠠᠨ ᠠᠴᠠ 99 ᠵᠦᠢᠯ ᠪᠣᠯᠭᠠᠨ ᠨᠡᠮᠡᠭᠳᠡᠭᠦᠯᠵᠡᠶ᠃                                          ᠨᠠᠶᠢᠷᠠᠭᠤᠯᠤᠭᠴᠢ᠄   ᠶᠠᠩ  ᠿᠦᠢ ᠵᠧᠨ                                          ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2