ᠯᠢᠶᠠᠩᠴᠧᠩ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ︽ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ︾᠎ ᠤᠨ ᠢᠷᠠᠭᠤ ᠠᠯᠳᠠᠷ ᠢ ᠬᠦᠷᠲᠡᠪᠡ
ᠨᠡᠶᠢᠲᠡᠯᠡᠭᠰᠡᠨ ᠴᠠᠭ᠄
2024/10/9
    ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 2024 ᠣᠨ ᠤ ᠳᠥᠷᠪᠡᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠰᠢᠯᠭᠠᠷᠠᠭᠤᠯᠤᠭᠰᠠᠨ ᠦᠷ᠎ᠡ ᠳ᠋ᠦᠩ ᠢ ᠨᠡᠶᠢᠲᠡᠯᠡᠵᠦ᠂ ᠯᠢᠶᠠᠩᠴᠧᠩ ᠰᠢᠶᠠᠨ ᠤ ᠬᠤᠯᠪᠣᠭᠠᠲᠤ ᠬᠤᠷᠰᠢᠶ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ︽ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ︾᠎ ᠢᠶᠠᠷ ᠰᠢᠯᠭᠠᠷᠠᠭᠤᠯᠵᠤ᠂ ᠯᠢᠶᠠᠩᠴᠧᠩ ᠰᠢᠶᠠᠨ ᠤ ᠬᠤᠯᠪᠣᠭᠠᠲᠤ ᠬᠤᠷᠰᠢᠶ᠎ᠠ ᠨᠢ ︽ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ︾᠎ ᠠᠴᠠ ︽ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ︾ ᠬᠦᠷᠲᠡᠯᠡᠬᠢ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃
      ᠰᠢᠶᠠᠨ ᠤ ᠬᠡᠪᠴᠢᠶᠡᠨ ᠤ ᠮᠥᠩᠭᠦᠨ ᠭᠦᠢᠯᠭᠡᠭᠡᠨ ᠤ ᠴᠢᠬᠤᠯᠠ ᠲᠤᠯᠭᠠᠭᠤᠷᠢ ᠪᠣᠯᠤᠭᠰᠠᠨ ᠤ ᠬᠤᠪᠢ ᠳᠤ᠂ ᠯᠢᠶᠠᠩᠴᠧᠩ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠣᠷᠳᠣ ᠬᠤᠭᠤᠴᠠᠭᠠᠨ ᠤ ᠲᠤᠷᠰᠢ ︽ᠮᠥᠩᠭᠦᠨ ᠭᠦᠢᠯᠭᠡᠭᠡ ᠪᠠᠷ ᠠᠷᠠᠳ ᠤᠨ ᠲᠥᠯᠥᠭᠡ ᠵᠢᠳᠬᠦᠬᠦ︾ ᠤᠶᠢᠯᠡᠴᠢᠯᠡᠭᠡᠨ ᠤ ᠵᠣᠷᠢᠯᠲᠠ ᠶᠢ  ᠤᠶᠢᠯᠡᠳᠤᠯᠭᠡᠵᠢᠭᠦᠯᠵᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠬᠦᠰᠡᠯ ᠡᠷᠡᠮᠡᠯᠵᠡᠯ ᠢ ᠲᠡᠷᠢᠭᠦᠨ ᠪᠠᠶᠢᠷᠢᠨ ᠳᠤ ᠲᠠᠯᠪᠢᠪᠠ᠃ ᠣᠷᠣᠨ ᠨᠤᠲᠤᠭ ᠤᠨ ᠵᠠᠬ᠎ᠠ ᠳᠡᠯᠭᠡᠭᠦᠷ ᠢ ᠭᠦᠨᠵᠡᠭᠡᠢ ᠬᠠᠭᠠᠯᠪᠤᠷᠢᠯᠠᠬᠤ ᠪᠠᠷ ᠳᠠᠮᠵᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠬᠦ ᠪᠠᠷ ᠳᠠᠮᠵᠢᠭᠤᠯᠵᠤ᠂ ᠯᠢᠶᠠᠩᠴᠧᠩ ᠰᠢᠶᠠᠨ ᠤ ᠬᠤᠯᠪᠣᠭᠠᠲᠤ ᠬᠤᠷᠰᠢᠶ᠎ᠠ ᠨᠢ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠥᠷᠭᠡᠴᠡ ᠪᠠ ᠭᠦᠨᠴᠡ ᠶᠢ ᠥᠷᠭᠡᠳᠬᠡᠭᠰᠡᠨ ᠢᠶᠠᠷ ᠪᠠᠷᠠᠬᠤ ᠦᠭᠡᠢ ᠪᠠᠰᠠ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠪᠠᠷ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ ᠬᠥᠭᠵᠢᠯᠲᠡ ᠶᠢ ᠦᠷᠭᠦᠯᠵᠢᠯᠡᠨ ᠳᠡᠮᠵᠢᠵᠦ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯ ᠴᠡᠴᠡᠭᠯᠡᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃
      ᠲᠣᠰ ᠤᠳᠠᠭ᠎ᠠ ︽ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ︾᠎ ᠤᠨ ᠢᠷᠠᠭᠤ ᠠᠯᠳᠠᠷ ᠢ ᠭᠥᠷᠳᠡᠭᠰᠡᠨ ᠶᠠᠪᠤᠳᠠᠯ ᠪᠣᠯ ᠨᠡᠶᠢᠭᠡᠮ ᠤᠨ ᠡᠯ᠎ᠡ ᠡᠲᠡᠭᠡᠳ ᠤᠨ ᠬᠢᠨ ᠤ ᠯᠢᠶᠠᠩᠴᠧᠩ ᠰᠢᠶᠠᠨ ᠤ ᠬᠤᠯᠪᠣᠭᠠᠲᠤ ᠬᠤᠷᠰᠢᠶ᠎ᠠ ᠶᠢᠨ ᠦᠨᠡᠨᠴᠢ ᠢᠲᠡᠭᠡᠮᠵᠢᠲᠡᠶ ᠡᠵᠡᠩᠨᠡᠯᠲᠡ ᠪᠠ ᠨᠡᠶᠢᠭᠡᠮ ᠤᠨ ᠬᠠᠷᠢᠭᠤᠴᠠᠯᠭ᠎ᠠ ᠶᠢᠨ ᠲᠠᠯ᠎ᠠ ᠪᠠᠷ ᠦᠵᠡᠭᠦᠯᠦᠭᠰᠡᠨ ᠭᠠᠷᠮᠠᠭᠠᠶ ᠬᠤᠪᠢ ᠨᠡᠮᠡᠷᠢ ᠶᠢᠨ ᠳᠡᠭᠡᠳᠦ ᠬᠡᠮᠵᠢᠶᠡᠨ ᠤ ᠨᠤᠲᠠᠯᠠᠯᠲᠠ ᠪᠠ ᠨᠤᠲᠠᠯᠠᠯᠲᠠ ᠪᠣᠯᠤᠨ᠎ᠠ᠃ ᠯᠢᠶᠠᠩᠴᠧᠩ ᠰᠢᠶᠠᠨ ᠤ ᠬᠤᠯᠪᠣᠭᠠᠲᠤ ᠬᠤᠷᠰᠢᠶ᠎ᠠ ᠨᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠦᠷᠭᠦᠯᠵᠢᠯᠡᠨ ᠪᠠᠷᠢᠮᠲᠠᠯᠠᠵᠤ᠂ ᠦᠨᠡᠨᠴᠢ ᠢᠲᠡᠭᠡᠮᠵᠢ ᠪᠠᠷ ᠦᠨᠳᠦᠰᠦ ᠪᠣᠯᠭᠠᠬᠤ ᠶᠢ ᠢᠳᠡᠪᠬᠢᠲᠡᠢ ᠪᠠᠷᠢᠮᠲᠠᠯᠠᠵᠤ᠂ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠭᠦᠢᠴᠡᠳᠬᠡᠵᠦ᠂ ᠰᠢᠯᠢᠳᠡᠭ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠪᠠ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠪᠠᠷ ᠳᠠᠮᠵᠢᠭᠤᠯᠵᠤ᠂ ᠲᠤᠰ ᠭᠠᠵᠠᠷ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭ᠎ᠠ ᠡᠭᠦᠷᠭᠡᠯᠡᠯ ᠪᠠ ᠰᠠᠶᠢᠨ ᠰᠠᠶᠢᠬᠠᠨ ᠲᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃
    ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠬᠡᠯᠲᠡᠰ ᠤᠨ ᠳᠠᠭᠠᠭᠠᠮᠠᠯ ᠸᠠᠩ ᠶᠤᠸᠠᠢ    ᠳᠠᠷᠠᠭᠠᠴᠢ ᠶᠢᠨ ᠠᠯᠬᠤᠮ ᠳᠤ᠂ ᠯᠢᠶᠠᠩᠴᠧᠩ ᠰᠢᠶᠠᠨ ᠤ ᠬᠤᠯᠪᠣᠭᠠᠲᠤ ᠬᠤᠷᠰᠢᠶ᠎ᠠ ᠲᠤᠰ ᠤᠳᠠᠭ᠎ᠠ ᠶᠢᠨ ᠢᠷᠠᠭᠤ ᠠᠯᠳᠠᠷ ᠢᠶᠠᠷ ᠠᠵᠠ ᠲᠣᠬᠢᠶᠠᠯ ᠪᠣᠯᠭᠠᠵᠤ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠠᠨ ᠦᠷᠭᠦᠯᠵᠢᠯᠡᠨ ᠪᠠᠲᠤᠯᠠᠵᠤ᠂ ᠬᠠᠤᠯᠢ ᠶᠣᠰᠣᠭᠠᠷ ᠦᠨᠡᠨᠴᠢ ᠢᠲᠡᠭᠡᠮᠵᠢᠲᠡᠢ ᠡᠵᠡᠩᠨᠡᠵᠦ᠂ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠲᠤᠰ ᠭᠠᠵᠠᠷ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭ᠎ᠠ ᠡᠭᠦᠷᠭᠡᠯᠡᠯ ᠢ ᠢᠳᠡᠪᠬᠢᠲᠡᠢ ᠦᠢᠯᠡᠳᠦᠯᠭᠡᠵᠢᠭᠦᠯᠵᠦ᠂ ᠦᠯᠢᠭᠡᠷ ᠳᠠᠭᠤᠷᠢᠶᠠᠯ ᠦᠵᠡᠭᠦᠯᠬᠦ ᠦᠢᠯᠡᠳᠦᠯ ᠢ ᠴᠢᠷᠮᠠᠶᠢᠨ ᠪᠠᠳᠠᠷᠠᠭᠤᠯᠤᠨ᠎ᠠ᠃                                           ᠨᠠᠶᠢᠷᠠᠭᠤᠯᠤᠭᠴᠢ᠄   ᠶᠠᠩ  ᠿᠦᠢ ᠵᠧᠨ                                           ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2