ᠤᠯᠤᠰ ᠤᠨ ᠪᠠᠶᠠᠷ ᠤᠨ ᠬᠤᠭᠤᠴᠠᠭᠠᠨ ᠳᠤ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ | ᠤᠯᠠᠭᠠᠨᠴᠠᠪ ᠤᠨ ᠯᠢᠶᠠᠩᠴᠧᠩ ᠴᠠᠬᠢᠯᠭᠠᠨ ᠬᠠᠩᠭᠠᠬᠤ ᠺᠣᠮᠫᠠᠨᠢ ᠶᠢᠨ ᠺᠠᠳ᠋ᠷ ᠠᠵᠢᠯᠲᠠᠨ ᠠᠵᠢᠯᠴᠢᠨ ᠡᠯ᠎ᠡ ︽ | ᠲᠤᠯᠠᠭᠠᠯᠠᠬᠤ ᠢᠨᠵᠧᠨᠧᠷᠢᠩ︾ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠶᠢ ᠪᠠᠲᠤ ᠰᠠᠬᠢᠵᠤ᠂ ᠰᠢᠷᠭᠠᠭᠤ | ᠬᠦᠳᠡᠯᠮᠦᠷᠢ ᠪᠠᠷ ᠢᠶᠠᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠰᠠᠬᠢᠨ ᠬᠠᠮᠠᠭᠠᠯᠠᠵᠤ᠂ ᠪᠠᠷᠢᠯᠭ᠎ᠠ ᠶᠢᠨ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠬᠤᠷᠳᠤᠴᠠ ᠪᠠᠨ ᠲᠦᠷᠭᠡᠳᠬᠡᠬᠦ︾᠂ ᠪᠠᠷᠢᠯᠭ᠎ᠠ ᠶᠢᠨ ᠠᠵᠢᠯ ᠤᠨ | ᠬᠤᠭᠤᠴᠠᠭᠠᠨ ᠳᠠᠬᠢ ᠠᠮᠤᠷ ᠲᠦᠪᠰᠢᠨ ᠤ ︽ᠰᠤᠯᠠᠷᠠᠬᠤ ᠥᠬᠡᠶ︾᠂ ᠶᠠᠰᠤ ᠴᠢᠨᠠᠷ ᠤᠨ ︽ᠡᠪᠯᠡᠷᠡᠬᠦ ᠶᠢ ᠦᠨᠡᠨᠬᠦ | ᠪᠠᠲᠤᠯᠠᠵᠤ᠂ ᠴᠠᠭ ᠢ ᠠᠮᠵᠢᠨ᠂ ᠠᠬᠢᠴᠠ ᠶᠢ ᠲᠦᠷᠭᠡᠳᠬᠡᠵᠦ᠂ ︽ᠲᠤᠯᠠᠭᠠᠯᠠᠬᠤ ᠢᠨᠵᠧᠨᠧᠷᠢᠩ︾ ᠢ ᠲᠦᠷᠭᠡᠳᠬᠡᠨ | ᠬᠡᠷᠡᠭᠵᠢᠭᠦᠯᠦᠨ᠎ᠡ᠃ | | | | | 10 ᠰᠠᠷ᠎ᠠ ᠶᠢᠨ 3 ᠤ ᠡᠳᠦᠷ ᠤᠨ ᠥᠷᠯᠥᠭᠡ ᠡᠷᠲᠡ ᠶᠢᠨ ᠲᠠᠪᠤᠨ ᠴᠠᠭ ᠲᠤ ᠴᠡᠭᠴᠡᠯᠡᠨ ᠵᠠᠰᠠᠵᠤ᠂ | ᠬᠤᠲᠠ ᠶᠢᠨ ᠲᠣᠭᠤᠷᠢᠭ ᠤᠨ 10 ᠺᠢᠯᠣᠸᠠᠲ ᠤᠨ 915 ᠵᠠᠮᠴᠢᠯᠠᠬᠤ ᠱᠤᠭᠤᠮ ᠤᠨ 7 ᠳ᠋ᠤᠭᠠᠷ ᠨᠣᠮᠧᠷᠲᠤ ᠱᠣᠩ | ᠴᠠᠬᠢᠯᠭᠠᠨ ᠵᠣᠭᠰᠣᠬᠤ ᠲᠤᠬᠠᠶ ᠶᠢᠨ ᠲᠠᠯᠠᠪᠠᠶ ᠳᠤ᠂ ᠯᠢᠶᠠᠩᠴᠧᠩ ᠴᠠᠬᠢᠯᠭᠠᠨ ᠬᠠᠩᠭᠠᠬᠤ ᠺᠣᠮᠫᠠᠨᠢ ᠶᠢᠨ ᠴᠠᠬᠢᠯᠭᠠᠨ | ᠲᠦᠭᠡᠭᠡᠬᠦ ᠲᠡᠭᠡᠭᠡᠪᠦᠷᠢ ᠶᠢᠨ ᠪᠠᠶᠢᠴᠠᠭᠠᠬᠤ ᠠᠩᠭᠢ ᠲᠥᠯᠥᠪᠯᠡᠭᠡ ᠶᠣᠰᠣᠭᠠᠷ ᠴᠠᠭ ᠲᠤᠬᠠᠶ ᠳᠤᠨᠢ ︽ᠳᠤᠯᠠᠭᠠᠴᠠᠬᠤ | ᠢᠨᠵᠧᠨᠧᠷᠢᠩ︾ ᠤᠨ ᠪᠠᠷᠢᠯᠭ᠎ᠠ ᠶᠢᠨ ᠨᠢᠭᠡᠳᠦᠭᠡᠷ ᠹᠷᠣᠨᠲ ᠲᠤ ᠬᠦᠷᠴᠦ᠂ ᠴᠠᠬᠢᠯᠭᠠᠨ ᠵᠣᠭᠰᠣᠬᠤ᠂ ᠴᠠᠬᠢᠯᠭᠠᠨ | ᠰᠢᠯᠭᠠᠬᠤ᠂ ᠭᠠᠵᠠᠷᠳᠠᠭᠤᠯᠭᠠ ᠶᠢᠨ ᠤᠳᠠᠰᠤ᠂ ᠫᠠᠶᠢᠰᠠ ᠡᠯᠭᠦᠬᠦ ᠲᠡᠮᠳᠡᠭ ᠡᠯᠭᠦᠬᠦ ᠪᠠ ᠬᠠᠯᠬᠠᠪᠴᠢ ᠬᠡᠷᠡᠰᠬᠡ | ᠲᠠᠭᠠᠷᠠᠭᠤᠯᠬᠤ ᠵᠡᠷᠭᠡ ᠠᠯᠬᠤᠮ ᠳᠠᠷᠠᠭ᠎ᠠ ᠲᠠᠢ ᠠᠵᠢᠯ ᠢ ᠲᠣᠭᠲᠠᠭᠰᠠᠨ ᠴᠠᠭ ᠲᠤ ᠬᠡᠷᠡᠭᠵᠢᠭᠦᠯᠦᠨ᠎ᠡ᠃ | 5 ᠴᠠᠭ 40 ᠮᠢᠨᠦ᠋ᠲ ᠲᠤ᠂ ᠯᠢᠶᠠᠩᠴᠧᠩ ᠤᠨ ᠴᠠᠬᠢᠯᠭᠠᠨ ᠬᠠᠩᠭᠠᠬᠤ ᠺᠣᠮᠫᠠᠨᠢ ᠶᠢᠨ ᠭᠠᠵᠠᠷ ᠳᠡᠭᠡᠷᠡᠬᠢ | ᠬᠠᠮᠵᠢᠯᠴᠠᠭᠠᠨ ᠤ ᠬᠥᠮᠦᠰ ᠪᠣᠯᠤᠨ ᠪᠠᠷᠢᠯᠭ᠎ᠠ ᠶᠢᠨ ᠨᠢᠭᠡᠴᠡ ᠶᠢᠨ ᠪᠠᠶᠢᠯᠳᠤᠭᠠᠨ ᠳᠤ ᠣᠷᠣᠯᠴᠠᠭᠰᠠᠨ ᠬᠥᠮᠦᠰ 80 | ᠭᠠᠷᠤᠢ ᠬᠥᠮᠦᠨ ᠴᠠᠬᠢᠯᠭᠠᠨ ᠤᠲᠠᠰᠤᠨ ᠤ ᠪᠠᠭᠠᠨ᠎ᠠ᠂ ᠬᠥᠨᠳᠡᠯᠡᠨ ᠳᠠᠮᠨᠠᠭᠤᠷ᠂ ᠳᠠᠮᠵᠢᠭᠤᠯᠬᠤ ᠤᠲᠠᠰᠤ᠂ ᠲᠡᠮᠦᠷᠯᠢᠭ | ᠪᠠᠭᠠᠵᠢ ᠵᠡᠷᠭᠡ ᠲᠥᠬᠦᠭᠡᠷᠦᠮᠵᠢ ᠪᠠᠨ ︽ᠲᠤᠯᠠᠭᠠᠯᠠᠬᠤ ᠢᠨᠵᠧᠨᠧᠷᠢᠩ︾ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ | ᠣᠷᠣᠭᠤᠯᠵᠤ᠂ ᠡᠯ᠎ᠡ ᠪᠠᠷᠢᠯᠭ᠎ᠠ ᠶᠢᠨ ᠳᠤᠭᠤᠶᠢᠯᠠᠩ ᠦᠳᠲᠡᠷ ᠲᠦᠷᠭᠡᠨ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ | ᠬᠥᠳᠡᠯᠭᠡᠭᠡᠨ ᠬᠢᠪᠡ᠃ | | | | | 8 ᠴᠠᠭ 30 ᠮᠢᠨᠦ᠋ᠲ ᠲᠤ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠤᠯᠠᠭᠠᠨᠴᠠᠪ ᠤᠨ | ᠴᠠᠬᠢᠯᠭᠠᠨ ᠬᠠᠩᠭᠠᠬᠤ ᠺᠣᠮᠫᠠᠨᠢ ᠶᠢᠨ ᠭᠤᠣᠯ ᠬᠠᠷᠢᠭᠤᠴᠠᠯᠭᠠᠲᠠᠨ ᠨᠥᠬᠦᠳ ᠺᠣᠮᠫᠠᠨᠢ ᠶᠢᠨ ᠠᠮᠤᠷ ᠲᠦᠪᠰᠢᠨ ᠤ | ᠳᠤᠭᠤᠶᠢᠯᠠᠩ ᠤᠨ ᠪᠦᠷᠢᠯᠳᠦᠬᠦᠨ ᠪᠣᠯᠤᠨ ᠯᠢᠶᠠᠩᠴᠧᠩ ᠰᠢᠶᠠᠨ ᠤ ᠬᠤᠩ ᠮᠤᠤ ᠪᠠᠯᠭᠠᠰᠤᠨ ᠤ ᠭᠤᠣᠯ | ᠤᠳᠤᠷᠢᠳᠤᠯᠭ᠎ᠠ ᠶᠢ ᠳᠠᠭᠠᠭᠤᠯᠤᠨ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ ᠳᠤ ᠣᠷᠣᠵᠤ ᠪᠠᠷᠢᠯᠭ᠎ᠠ ᠶᠢᠨ | ᠠᠵᠢᠯ ᠤᠨ ᠠᠮᠤᠷ ᠲᠦᠪᠰᠢᠨ᠂ ᠶᠠᠰᠤ ᠴᠢᠨᠠᠷ᠂ ᠠᠬᠢᠴᠠ ᠪᠣᠯᠤᠨ ᠣᠷᠣᠨ ᠨᠤᠲᠤᠭ ᠤᠨ ᠵᠣᠬᠢᠴᠠᠭᠤᠯᠭ᠎ᠠ ᠵᠡᠷᠭᠡ | ᠪᠠᠶᠢᠳᠠᠯ ᠢ ᠪᠠᠶᠢᠴᠠᠭᠠᠨ ᠵᠢᠯᠣᠭᠤᠳᠴᠤ᠂ ᠶᠠᠪᠠᠭᠠᠨ ᠬᠥᠮᠦᠨ ᠤ ᠲᠡᠷᠭᠡ ᠬᠥᠰᠬᠡ ᠶᠢ ᠰᠡᠷᠭᠡᠶᠢᠯᠡᠨ ᠬᠠᠮᠠᠭᠠᠯᠠᠬᠤ᠂ | ᠡᠷᠭᠦᠭᠦᠯ ᠮᠠᠰᠢᠨ᠂ ᠪᠠᠭᠠᠨ᠎ᠠ ᠶᠢᠨ ᠨᠦᠬᠡ ᠶᠢ ᠮᠠᠯᠲᠠᠬᠤ᠂ ᠮᠣᠳᠣᠨ ᠰᠤᠪᠤᠷᠭ᠎ᠠ ᠭᠠᠷᠭᠠᠬᠤ᠂ ᠳᠡᠭᠡᠰᠦ ᠪᠠᠷ ᠭᠠᠯ | ᠵᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠲᠠᠯ᠎ᠠ ᠪᠠᠷ ᠲᠣᠣᠷ ᠲᠠᠲᠠᠬᠤ ᠮᠠᠶ᠋ᠢᠭ ᠤᠨ | ᠪᠠᠶᠢᠴᠠᠭᠠᠯᠲᠠ ᠬᠢᠬᠦ ᠶᠢᠨ ᠬᠠᠮᠲᠤ ᠪᠠᠷᠢᠯᠭ᠎ᠠ ᠶᠢᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠢ ᠲᠤᠬᠠᠶ ᠶᠢᠨ | ᠲᠠᠯᠠᠪᠠᠢ ᠳᠤ ᠰᠢᠢᠳᠪᠦᠷᠢᠯᠡᠪᠡ᠃ | ᠲᠥᠯᠥᠪᠯᠡᠭᠡᠨ ᠤ ᠪᠠᠷᠢᠯᠭ᠎ᠠ ᠶᠢᠨ ᠭᠡᠷ ᠮᠠ ᠵᠢᠶᠠᠨ ᠲᠢᠩ ᠲᠠᠨᠢᠯᠴᠠᠭᠤᠯᠬᠤ ᠳᠠᠭᠠᠨ᠄ ︽ᠡᠨᠡ ᠬᠦ ᠢᠨᠵᠧᠨᠧᠷᠢᠩ ᠨᠢ | ᠬᠤᠲᠠ ᠶᠢᠨ ᠡᠮᠦᠨ᠎ᠡ ᠤᠮᠠᠷ᠎ᠠ ᠶᠢᠨ ᠭᠤᠤᠯ ᠪᠣᠯᠬᠤ ᠵᠡᠭᠡᠯᠢ ᠭᠤᠳᠤᠮᠵᠢ ᠳᠤ ᠪᠠᠶᠢᠵᠤ᠂ ᠡᠳᠦᠷ ᠲᠤᠲᠤᠮ ᠤᠨ | ᠬᠥᠮᠦᠰ ᠤᠨ ᠴᠤᠪᠤᠷᠠᠯ ᠤᠨ ᠬᠡᠮᠵᠢᠶ᠎ᠡ᠂ ᠲᠡᠷᠭᠡ ᠬᠥᠰᠬᠡ ᠶᠢᠨ ᠬᠡᠮᠵᠢᠶ᠎ᠡ ᠪᠠ ᠮᠠᠶᠢᠮᠠᠶ ᠶᠢᠨ ᠳᠡᠯᠭᠡᠭᠡ ᠮᠠᠶᠢᠮᠠᠶ ᠶᠢᠨ | ᠭᠠᠵᠠᠷ ᠣᠯᠠᠨ᠂ ᠪᠠᠷᠢᠯᠭ᠎ᠠ ᠪᠠᠷᠢᠬᠤ ᠳᠤ ᠮᠠᠰᠢ ᠬᠦᠴᠢᠷᠲᠡᠶ ᠪᠠᠶᠢᠨ᠎ᠠ᠂ ᠴᠠᠬᠢᠯᠭᠠᠨ ᠬᠠᠩᠭᠠᠬᠤ ᠺᠣᠮᠫᠠᠨᠢ ᠤᠯᠤᠰ ᠤᠨ | ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠬᠥᠮᠦᠰ ᠤᠨ ᠭᠠᠳᠠᠭᠰᠢ ᠭᠠᠷᠴᠤ ᠵᠢᠭᠤᠯᠴᠢᠯᠠᠬᠤ ᠴᠠᠭ ᠲᠣᠬᠢᠶᠠᠯ ᠢ | ᠠᠰᠢᠭᠯᠠᠨ᠂ ᠡᠳᠦᠷ ᠪᠦᠷᠢ 14 ᠴᠠᠭ ᠢᠶᠠᠷ ᠲᠥᠯᠥᠪᠯᠡᠵᠦ᠂ ᠬᠤᠶᠠᠷ ᠡᠳᠦᠷ ᠲᠤ ᠲᠣᠰ ᠲᠥᠷᠥᠯ ᠵᠦᠢᠯ ᠤᠨ | ᠪᠠᠷᠢᠯᠭ᠎ᠠ ᠶᠢ ᠪᠡᠶᠡᠯᠡᠭᠦᠯᠬᠦ ᠶᠢ ᠪᠠᠲᠤᠯᠠᠨ᠎ᠠ︾ ᠭᠡᠵᠡᠶ᠃ | | | | | ᠤᠯᠤᠰ ᠤᠨ ᠪᠠᠶᠠᠷ ᠤᠨ ᠬᠤᠭᠤᠴᠠᠭᠠᠨ ᠳᠤ᠂ ᠯᠢᠶᠠᠩᠴᠧᠩ ᠴᠠᠬᠢᠯᠭᠠᠨ ᠬᠠᠩᠭᠠᠬᠤ ᠺᠣᠮᠫᠠᠨᠢ ᠶᠢᠨ 200 ᠭᠠᠷᠤᠶ | ᠬᠠᠮᠢᠶᠠᠷᠤᠯᠲᠠ ᠶᠢᠨ ᠠᠵᠢᠯᠲᠠᠨ᠂ 360 ᠭᠠᠷᠤᠶ ᠠᠵᠢᠯᠲᠠᠨ ︽ᠲᠤᠯᠠᠭᠠᠯᠠᠬᠤ ᠢᠨᠵᠧᠨᠧᠷᠢᠩ︾ ᠤᠨ ᠴᠠᠬᠢᠯᠭᠠᠨ | ᠬᠦᠴᠦᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ ᠢ ᠪᠥᠬᠦ ᠬᠦᠴᠦᠨ ᠢᠶᠠᠷ ᠢᠶᠠᠨ | ᠪᠠᠲᠤ ᠰᠠᠬᠢᠵᠤ᠂ ︽ᠲᠤᠯᠠᠭᠠᠯᠠᠬᠤ ᠢᠨᠵᠧᠨᠧᠷᠢᠩ︾ ᠤᠨ ᠲᠣᠭᠲᠠᠭᠰᠠᠨ ᠬᠤᠭᠤᠴᠠᠭᠠᠨ ᠳᠠᠭᠠᠨ ᠲᠡᠭᠦᠰ | ᠠᠮᠵᠢᠯᠲᠠ ᠲᠠᠢ ᠠᠵᠢᠯ ᠳᠠᠭᠤᠰᠬᠤ ᠶᠢ ᠪᠠᠲᠤᠯᠠᠪᠠ᠃ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | | |