ᠰᠢᠶᠠᠨ ᠤ ᠵᠠᠰᠠᠭ ᠤᠨ ᠣᠷᠳᠣᠨ 2024 ᠣᠨ ᠤ 14 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/9
   9 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ 2024 ᠣᠨ ᠤ 14 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠪᠥᠬᠦ ᠰᠢᠶᠠᠨ ᠤ ᠠᠶᠤᠯᠭᠦᠶ ᠦᠢᠯᠡᠳᠪᠦᠷᠢᠯᠡᠯ ᠪᠠ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠤᠯᠠᠭᠠᠨᠴᠠᠪ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ︽ᠠᠶᠤᠯᠭᠦᠶ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠠᠷᠭ᠎ᠠ ᠬᠡᠮᠵᠢᠶ᠎ᠡ ᠨᠦᠭᠦᠳ ᠤᠨ ᠲᠤᠬᠠᠶ ᠮᠡᠳᠡᠭᠳᠡᠯ︾ ᠢ ᠤᠯᠠᠮᠵᠢᠯᠠᠨ ᠰᠤᠷᠤᠯᠴᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠪᠥᠬᠦ ᠰᠢᠶᠠᠨ ᠤ ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠴᠢ ᠣᠶᠢᠷ᠎ᠠ ᠶᠢᠨ ᠬᠤᠭᠤᠴᠠᠭᠠᠨ ᠤ ᠬᠠᠮᠢᠶ᠎ᠠ ᠪᠥᠬᠦᠶ ᠭᠤᠤᠯᠳᠠᠯᠭ᠎ᠠ ᠲᠠᠢ ᠠᠵᠢᠯ ᠢ ᠳᠣᠭᠢᠷᠠᠭᠤᠯᠪᠠ᠃    ᠬᠤᠷᠠᠯ ᠠᠴᠠ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠦᠨᠡᠨ ᠬᠦ ᠨᠢᠭᠡᠳᠬᠡᠵᠦ᠂ ︽ᠬᠤᠶᠠᠷ ᠣᠷᠣᠯᠭ᠎ᠠ︾ ᠶᠢ ᠴᠢᠩᠭ᠎ᠠ ᠠᠩᠬᠠᠷᠴᠤ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠡᠭᠦᠷᠭᠡ ᠶᠢ ᠲᠡᠷᠡ ᠬᠡᠪ ᠢᠶᠠᠷ ᠨᠢ ᠪᠡᠶᠡᠯᠡᠭᠦᠯᠬᠦ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠶ᠃ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠵᠢᠷᠭᠤᠭᠠᠨ ᠢᠨᠵᠧᠨᠧᠷᠢᠩ ᠢ ᠬᠡᠷᠡᠭᠵᠢᠭᠦᠯᠬᠦ ᠵᠡᠷᠭᠡ ᠪᠤᠢ ᠪᠦᠬᠦᠢ ᠠᠵᠢᠯ ᠤᠨ ᠭᠤᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠳᠤᠯᠤᠭ᠎ᠠ ᠶᠢ ᠵᠢᠱᠢᠶᠡᠴᠢ ᠪᠣᠯᠭᠠᠬᠤ︾ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠠᠵᠢᠯᠯᠠᠭ᠎ᠠ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠰᠠᠶᠢᠲᠤᠷ ᠥᠷᠨᠢᠭᠦᠯᠵᠦ᠂ ᠪᠦᠬᠦ ᠨᠡᠶᠢᠭᠡᠮ ᠤᠨ ᠪᠦᠯᠬᠦᠮᠳᠡᠯ ᠢ ᠬᠠᠶᠢᠷᠠᠯᠠᠬᠤ᠂ ᠪᠦᠯᠬᠦᠮᠳᠡᠯ ᠢ ᠬᠠᠮᠠᠭᠠᠯᠠᠬᠤ᠂ ᠪᠦᠯᠬᠦᠮᠳᠡᠯ ᠢ ᠴᠢᠩᠭᠠᠳᠬᠠᠬᠤ ᠠᠮᠢᠳᠤᠯᠢᠭ ᠪᠠᠶᠢᠳᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃    ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠪᠣᠯᠤᠨ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠲᠤᠯᠭᠠᠮ ᠪᠤᠳᠤᠯ ᠢᠶᠠᠨ ᠦᠨᠡᠨ ᠬᠦ ᠴᠢᠩᠭᠠᠳᠬᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠢᠮᠠᠭᠲᠠ ᠲᠤᠭᠤᠰᠢᠯᠠᠭᠤᠯᠵᠤ᠂ ᠨᠢᠭᠡ ᠮᠥᠴᠡ ᠴᠦ ᠰᠤᠯᠠᠷᠠᠭᠤᠯᠤᠯ ᠦᠭᠡᠢ ᠪᠠᠷ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭ᠎ᠠ ᠠᠳᠬᠤᠵᠤ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠠᠷᠭᠠᠴᠠᠨ ᠰᠢᠢᠳᠪᠦᠷᠢᠯᠡᠬᠦ ᠠᠵᠢᠯ ᠢ ᠢᠳᠡᠪᠬᠢᠲᠡᠢ ᠰᠠᠶᠢᠲᠤᠷ ᠬᠢᠵᠦ᠂ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃                                           ᠨᠠᠶᠢᠷᠠᠭᠤᠯᠤᠭᠴᠢ᠄   ᠴᠧᠨ ᠰᠢᠶᠤᠤ ᠵᠢᠤᠸᠠᠨ                                           ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2