ᠯᠢᠶᠠᠩᠴᠧᠩ ᠰᠢᠶᠠᠨ ᠤ ᠲᠥᠯᠥᠭᠡᠯᠡᠭᠴᠢᠳ ᠤᠨ ᠠᠩᠭᠢ ᠤᠯᠠᠭᠠᠨᠴᠠᠪ ᠬᠤᠲᠠ ᠶᠢᠨ ᠶᠢᠰᠦᠳᠦᠭᠡᠷ ᠬᠤᠭᠤᠴᠠᠭᠠᠨ ᠤ ︽ᠠᠵᠢᠯᠲᠠᠨ ᠠᠵᠢᠯᠴᠢᠨ ᠤ ᠬᠤᠨᠳᠠᠭᠠᠲᠤ︾ ᠫᠢᠩᠫᠠᠩ ᠪᠥᠮᠪᠦᠭᠡ ᠶᠢᠨ ᠤᠷᠤᠯᠳᠤᠭᠠᠨ ᠳᠤ ᠰᠠᠶᠢᠨ ᠬᠢᠷᠢ ᠪᠦᠲᠦᠮᠵᠢ ᠤᠯᠪᠠ
ᠨᠡᠶᠢᠲᠡᠯᠡᠭᠰᠡᠨ ᠴᠠᠭ᠄
2024/11/11
   11 ᠰᠠᠷ᠎ᠠ ᠶᠢᠨ 10᠎ ᠤ ᠡᠳᠦᠷ᠂ ᠬᠤᠶᠠᠷ ᠡᠳᠦᠷ ᠦᠶᠡᠯᠡᠯ ᠤᠨ ᠬᠤᠭᠤᠴᠠᠭ᠎ᠠ ᠲᠠᠢ ᠤᠯᠠᠭᠠᠨᠴᠠᠪ ᠬᠤᠲᠠ ᠶᠢᠨ ᠶᠢᠰᠦᠳᠦᠭᠡᠷ ᠬᠤᠭᠤᠴᠠᠭᠠᠨ ᠤ ︽ᠠᠵᠢᠯᠲᠠᠨ ᠠᠵᠢᠯᠴᠢᠨ ᠤ ᠬᠤᠨᠳᠠᠭᠠᠲᠤ︾ ᠫᠢᠩᠫᠠᠩ ᠪᠥᠮᠪᠦᠭᠡ ᠶᠢᠨ ᠤᠷᠤᠯᠳᠤᠭᠠᠨ ᠬᠤᠲᠠ ᠶᠢᠨ ᠪᠡᠶ᠎ᠡ ᠶᠢᠨ ᠲᠠᠮᠢᠷ ᠤᠨ ᠣᠷᠳᠣᠨ ᠳᠤ ᠤᠷᠤᠭᠰᠢᠲᠠᠶ ᠲᠡᠭᠦᠰᠪᠡ᠃ ᠯᠢᠶᠠᠩᠴᠧᠩ ᠰᠢᠶᠠᠨ ᠤ ᠲᠥᠯᠥᠭᠡᠯᠡᠭᠴᠢᠳ ᠤᠨ ᠠᠩᠭᠢ ᠲᠣᠰ ᠤᠳᠠᠭᠠᠨ ᠤ ᠤᠷᠤᠯᠳᠤᠭᠠᠨ ᠳᠤ ᠬᠤᠰᠢᠭᠤ ᠰᠢᠶᠠᠨ ᠬᠤᠲᠠ ᠲᠣᠭᠤᠷᠢᠭ ᠤᠨ ᠬᠤᠯᠢᠮᠠᠭ ᠪᠦᠯᠬᠦᠮ ᠤᠨ ᠬᠤᠶᠠᠳᠤᠭᠠᠷ ᠲᠤ ᠣᠷᠣᠭᠰᠠᠨ ᠰᠠᠶᠢᠨ ᠬᠢᠷᠢ ᠪᠦᠲᠦᠮᠵᠢ ᠶᠢ ᠲᠡᠮᠡᠴᠡᠨ ᠣᠯᠪᠠ᠃
      ᠡᠨᠡ ᠤᠳᠠᠭᠠᠨ ᠤ ᠤᠷᠤᠯᠳᠤᠭᠠᠨ ᠳᠤ ᠪᠦᠬᠦ ᠬᠤᠲᠠ ᠶᠢᠨ ᠡᠯ᠎ᠡ ᠬᠤᠰᠢᠭᠤ ᠰᠢᠶᠠᠨ ᠬᠤᠲᠠ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠵᠠᠰᠠᠭ ᠵᠠᠬᠢᠷᠭᠠᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠶᠡᠭᠡ ᠳᠡᠭᠡᠳᠦ ᠰᠤᠷᠭᠠᠭᠤᠯᠢ ᠶᠢᠨ 47 ᠲᠥᠯᠥᠭᠡᠯᠡᠭᠴᠢᠳ ᠤᠨ ᠠᠩᠭᠢ᠂ 300 ᠭᠠᠷᠤᠶ ᠫᠢᠩᠫᠠᠩ ᠪᠥᠮᠪᠦᠭᠡ ᠶᠢᠨ ᠳᠤᠷ᠎ᠠ ᠪᠠᠭ᠋ᠠᠲᠠᠶ ᠬᠥᠮᠦᠰ ᠣᠷᠣᠯᠴᠠᠪᠠ᠃ ᠯᠢᠶᠠᠩᠴᠧᠩ ᠰᠢᠶᠠᠨ ᠤ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠠᠩᠭᠢ ᠰᠢᠶᠠᠨ ᠤ ᠳᠣᠲᠣᠷᠠᠬᠢ ᠡᠯ᠎ᠡ ᠨᠢᠭᠡᠴᠡ ᠶᠢᠨ ᠰᠣᠩᠭᠤᠭᠰᠠᠨ 8 ᠭᠡᠰᠢᠭᠦᠨ ᠢᠶᠠᠷ ᠪᠦᠷᠢᠯᠳᠦᠵᠡᠶ᠃
   ᠤᠷᠤᠯᠳᠤᠭᠠᠨ ᠤ ᠳᠤᠮᠳᠠ᠂ ᠲᠠᠮᠢᠷᠴᠢᠳ ᠲᠣᠭᠲᠠᠭᠤᠨ ᠪᠠᠶᠢᠳᠠᠯ ᠢᠶᠠᠨ ᠪᠠᠳᠠᠷᠠᠭᠤᠯᠵᠤ᠂ ᠬᠠᠷᠢᠯᠴᠠᠨ ᠬᠠᠮᠵᠢᠯᠴᠠᠵᠤ᠂ ᠬᠤᠪᠢ ᠣᠯᠬᠤ ᠲᠣᠬᠢᠶᠠᠯ ᠨᠢᠭᠡᠪᠦᠷᠢ ᠶᠢ ᠭᠦᠢᠴᠡᠳ ᠠᠰᠢᠭᠯᠠᠵᠤ᠂ ᠬᠦᠴᠦᠷᠬᠡᠭ ᠶᠡᠭᠡ ᠰᠡᠳᠬᠢᠴᠡ ᠶᠢᠨ ᠬᠡᠪ ᠴᠢᠨᠠᠷ ᠪᠣᠯᠤᠨ ᠨᠤᠭᠤᠷᠠᠰᠢ ᠦᠭᠡᠢ ᠲᠡᠮᠡᠴᠡᠬᠦ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠢᠯᠡᠷᠡᠭᠦᠯᠵᠦ᠂ ᠯᠢᠶᠠᠩᠴᠧᠩ ᠰᠢᠶᠠᠨ ᠤ ᠺᠠᠳ᠋ᠷ ᠠᠵᠢᠯᠳᠠᠨ ᠠᠵᠢᠯᠴᠢᠨ ᠤ ᠪᠦᠯᠬᠦᠮᠳᠡᠨ ᠬᠠᠮᠵᠢᠯᠴᠠᠬᠤ᠂ ᠡᠷᠡᠯᠬᠡᠭᠯᠡᠨ ᠲᠡᠮᠡᠴᠡᠬᠦ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ ᠬᠤᠶᠠᠷ ᠡᠳᠦᠷ ᠤᠨ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠯᠢᠶᠠᠩᠴᠧᠩ ᠰᠢᠶᠠᠨ ᠤ ᠲᠥᠯᠥᠭᠡᠯᠡᠭᠴᠢᠳ ᠤᠨ ᠠᠩᠭᠢ ᠴᠣᠯᠭᠤᠷᠠᠨ ᠭᠠᠷᠴᠤ᠂ ᠬᠤᠰᠢᠭᠤ ᠰᠢᠶᠠᠨ ᠬᠤᠲᠠ ᠶᠢᠨ ᠲᠣᠭᠤᠷᠢᠭ ᠤᠨ ᠬᠤᠯᠢᠮᠠᠭ ᠪᠦᠯᠬᠦᠮ ᠤᠨ ᠬᠤᠶᠠᠳᠤᠭᠠᠷ ᠲᠤ ᠤᠷᠤᠵᠠᠢ᠃                                     ᠨᠠᠶᠢᠷᠠᠭᠤᠯᠤᠭᠴᠢ᠄   ᠴᠧᠨ ᠰᠢᠶᠤᠤ ᠵᠢᠤᠸᠠᠨ                                    ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2