ᠰᠢ ᠶᠢᠨ ᠫᠢᠩ ︽ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ︾ ᠤᠨ ᠵᠠᠭᠤᠴᠢᠯᠠᠭᠤᠷ ᠤᠨ ᠤᠶᠤᠨ ᠤ ᠬᠥᠮᠥᠷᠭᠡ ᠶᠢᠨ ᠳᠡᠭᠡᠳᠦ ᠲᠡᠰ ᠤᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2024/11/12
   ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 11 ᠤ ᠴᠠᠬᠢᠯᠭᠠᠨ ᠮᠡᠳᠡᠭᠡ 11 ᠰᠠᠷ᠎ᠠ ᠶᠢᠨ 11 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ︽ᠪᠥᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ︾ ᠤᠨ ᠵᠠᠭᠤᠴᠢᠯᠠᠭᠤᠷ ᠤᠨ ᠣᠶᠤᠨ ᠤ ᠬᠥᠮᠥᠷᠭᠡ ᠶᠢᠨ ᠳᠡᠭᠡᠳᠦ ᠲᠠᠰ ᠤᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃    ᠰᠢ ᠶᠢᠨ ᠫᠢᠩ᠂ ᠣᠳᠣᠬᠠᠨ ᠳᠤ ︽ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ︾ ᠤᠨ ᠰᠦᠷ ᠬᠦᠴᠦᠨ ᠲᠤᠪᠤᠶᠢᠮ᠎ᠠ ᠪᠠᠶᠢᠵᠤ᠂ ᠬᠥᠮᠦᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠲᠤ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠳᠤᠮᠳᠠᠳᠤ ᠤᠯᠤᠰ ᠢᠮᠠᠭᠲᠠ ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ ᠤᠨ ᠨᠢᠭᠡ ᠭᠡᠰᠢᠭᠦᠨ ᠮᠥᠨ᠂ ᠡᠭᠦᠷᠢᠳᠡ ᠬᠥᠭᠵᠢᠵᠦ ᠪᠠᠶᠢᠭ᠎ᠠ ᠤᠯᠤᠰ ᠲᠤ ᠬᠠᠷᠢᠶᠠᠯᠠᠭᠳᠠᠨ᠎ᠠ᠂ ᠳᠤᠷᠠᠲᠠᠶ᠎ᠠ ᠪᠦᠬᠦ ᠪᠥᠮᠪᠥᠷᠴᠡᠭ ᠤᠨ ᠦᠷᠭᠡᠨ ᠤᠯᠠᠨ ᠬᠦᠭᠵᠢᠵᠦ ᠪᠠᠶᠢᠭ᠎ᠠ ᠤᠯᠤᠰ ᠤᠳ ᠲᠠᠢ ᠬᠠᠮᠲᠤ ᠪᠠᠷ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠠ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ ᠭᠠᠷ ᠬᠤᠯᠪᠣᠯᠴᠠᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠳᠡᠯᠡᠬᠡᠢ ᠶᠢᠷᠳᠢᠨᠴᠦ ᠶᠢᠨ ᠵᠠᠭᠤᠨ ᠵᠢᠯ ᠳᠤ ᠳᠣᠬᠢᠶᠠᠯᠳᠤᠭ᠎ᠠ ᠦᠭᠡᠢ ᠶᠡᠭᠡ ᠬᠤᠪᠢᠰᠤᠯᠳᠠ ᠶᠢᠨ ᠳᠤᠮᠳᠠ ᠣᠳᠣᠬᠢᠴᠢᠯᠠᠯᠲᠠ ᠶᠢᠨ ᠬᠦᠰᠡᠯ ᠵᠡᠭᠦᠳᠦ ᠪᠠᠨ ᠬᠥᠭᠡᠭᠡᠴᠡᠯᠳᠦᠵᠦ᠂ ᠤᠯᠠᠨ ᠤᠯᠤᠰ ᠤᠨ ᠡᠮᠬᠢ ᠳᠢᠭᠯᠢᠮ ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠳᠡᠶᠢᠰᠢ ᠬᠥᠭᠵᠢᠬᠦ ᠶᠢ ᠠᠬᠢᠭᠤᠯᠬᠤ ᠪᠣᠯ ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ ᠤᠨ ᠡᠭᠦᠷᠭᠡᠯᠡᠵᠦ ᠪᠠᠶᠢᠭ᠎ᠠ ᠠᠷᠢᠭᠤᠨ ᠲᠠᠷᠬᠠᠨ ᠲᠡᠦᠬᠡᠲᠦ ᠡᠭᠦᠷᠭᠡ ᠮᠥᠨ᠂ ᠪᠠᠰᠠ ᠴᠤ ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ ᠤᠨ ᠵᠠᠭᠤᠴᠢᠯᠠᠭᠤᠷ ᠤᠨ ᠤᠶᠤᠨ ᠤ ᠬᠥᠮᠥᠷᠭᠡ ᠳᠤ ᠲᠤᠯᠭᠠᠷᠠᠵᠤ ᠪᠠᠶᠢᠭ᠎ᠠ ᠬᠠᠮᠲᠤ ᠶᠢᠨ ᠴᠠᠭ ᠦᠶ᠎ᠡ ᠶᠢᠨ ᠰᠡᠳᠦᠪ ᠮᠥᠨ᠃ ᠬᠤᠷᠠᠯ ᠳᠤ ᠣᠷᠣᠯᠴᠠᠭᠰᠠᠨ ᠵᠣᠴᠢᠳ ᠭᠦᠨᠵᠡᠭᠡᠢ ᠰᠤᠳᠤᠯᠤᠨ ᠶᠠᠷᠢᠯᠴᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ︽ᠬᠦᠭᠵᠢᠵᠦ ᠪᠠᠶᠢᠭ᠎ᠠ ᠤᠯᠤᠰ ᠤᠳ ᠤᠨ ᠳᠠᠭᠤᠨ︾ ᠢ ᠬᠠᠮᠲᠤ ᠪᠠᠷ ᠬᠠᠩᠭᠢᠨᠠᠭᠤᠯᠵᠤ᠂ ︽ᠬᠦᠭᠵᠢᠵᠦ ᠪᠠᠶᠢᠭ᠎ᠠ ᠤᠯᠤᠰ ᠤᠳ ᠤᠨ ᠬᠠᠷᠢᠭᠤᠴᠠᠯᠭ᠎ᠠ ᠡᠭᠦᠷᠭᠡᠯᠡᠯ︾ ᠢ ᠢᠯᠡᠷᠡᠭᠦᠯᠵᠦ᠂ ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ ᠤᠨ ᠡᠩᠬᠡ ᠲᠠᠶᠢᠪᠤᠩ ᠢ ᠬᠠᠮᠠᠭᠠᠯᠠᠬᠤ ᠶᠢᠨ ᠲᠣᠭᠲᠠᠪᠤᠷᠢᠵᠢᠭᠤᠯᠤᠭᠴᠢ ᠬᠦᠴᠦᠨ᠂ ᠨᠡᠭᠡᠭᠡᠯᠲᠡᠲᠦ ᠬᠥᠭᠵᠢᠯᠲᠡ ᠶᠢᠨ ᠲᠤᠯᠭᠠᠭᠤᠷᠢᠯᠠᠭᠴᠢ ᠬᠦᠴᠦᠨ᠂ ᠪᠦᠬᠦ ᠪᠥᠮᠪᠥᠷᠴᠡᠭ ᠤᠨ ᠵᠠᠰᠠᠯᠲᠠ ᠶᠢᠨ ᠪᠦᠲᠦᠭᠡᠨ ᠪᠠᠶᠢᠭᠤᠯᠤᠭᠴᠢ ᠬᠦᠴᠦᠨ᠂ ᠪᠣᠯᠪᠠᠰᠤᠨ ᠢᠶᠠᠨ ᠬᠠᠷᠢᠯᠴᠠᠨ ᠲᠤᠯᠢᠳᠠᠬᠤ ᠶᠢᠨ ᠠᠬᠢᠭᠤᠯᠤᠭᠴᠢ ᠬᠦᠴᠦᠨ ᠪᠣᠯᠬᠤ ᠶᠢ ᠠᠬᠢᠭᠤᠯᠬᠤ ᠳᠤ ᠤᠶᠤᠨ ᠤᠬᠠᠭᠠᠨ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃    ︽ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ︾ ᠤᠨ ᠵᠠᠭᠤᠴᠢᠯᠠᠭᠤᠷ ᠤᠨ ᠤᠶᠤᠨ ᠤ ᠬᠥᠮᠥᠷᠭᠡ ᠶᠢᠨ ᠳᠡᠭᠡᠳᠦ ᠲᠡᠰ ᠤᠨ ᠶᠠᠷᠢᠶᠠᠨ ᠤ ᠲᠠᠪᠴᠠᠩ ᠲᠤᠰ ᠡᠳᠦᠷ ᠪᠷᠠᠽᠢᠯ ᠤᠨ ᠰᠠᠩᠸᠦᠩ ᠫᠠᠦ᠋ᠯᠦ᠋ ᠳᠤ ᠡᠬᠢᠯᠡᠪᠡ᠃ ᠶᠠᠷᠢᠶᠠᠨ ᠤ ᠲᠠᠪᠴᠠᠩ ᠢ ᠰᠢᠨᠬᠤᠸᠠ ᠴᠢᠮᠡᠭᠡᠯᠡᠯ ᠤᠨ ᠬᠤᠷᠢᠶ᠎ᠠ ᠪᠣᠯᠤᠨ ᠪᠷᠠᠽᠢᠯ ᠤᠨ ᠴᠢᠮᠡᠭᠡᠯᠡᠯ ᠤᠨ ᠺᠣᠮᠫᠠᠨᠢ ᠬᠠᠮᠲᠤᠷᠠᠨ ᠭᠤᠤᠯᠯᠠᠨ ᠡᠷᠭᠢᠯᠡᠵᠦ᠂ ︽︿ᠪᠥᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ﹀ ᠤᠨ ᠭᠤᠤᠯ ᠬᠥᠭ ᠠᠶᠠᠰ ᠢ ᠴᠢᠪᠬᠠᠳᠠᠵᠤ᠂ ᠬᠥᠭᠵᠢᠯ ᠮᠠᠨᠳᠤᠯ ᠤᠨ ᠰᠢᠨ᠎ᠡ ᠠᠶᠠᠨ ᠢ ᠡᠬᠢᠯᠡᠭᠦᠯᠦᠶ᠎ᠡ︾ ᠬᠡᠬᠦ ᠪᠠᠷ ᠭᠤᠤᠯ ᠰᠡᠳᠦᠪ ᠪᠤᠯᠭᠠᠵᠠᠢ᠃ ᠲᠤᠰ ᠡᠳᠦᠷ᠂ ᠪᠷᠠᠽᠢᠯ ᠤᠨ ᠶᠡᠷᠦᠩᠬᠡᠶᠢᠯᠡᠭᠴᠢ ᠯᠦᠯᠠ ᠪᠠᠰᠠ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2