ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠬᠤ ᠮᠥᠷᠲᠡᠭᠡᠨ ᠢᠲᠡᠭᠡᠯ ᠵᠣᠷᠢᠭ ᠢᠶᠠᠨ ᠨᠡᠩ ᠪᠠᠲᠤᠳᠬᠠᠬᠤ ᠬᠡᠷᠡᠭᠲᠡᠢ | ᠷᠧᠨ ᠫᠢᠩ | ︵ᠨᠢᠭᠡ︶ | ᠣᠳᠣᠬᠠᠨ ᠤ ᠮᠠᠨ ᠤ ᠤᠯᠤᠰ ᠤᠨ ᠠᠵᠤ ᠠᠬᠤᠢ ᠶᠢᠨ ᠪᠠᠶᠢᠳᠠᠯ ᠢ ᠬᠡᠷᠬᠢᠨ ᠦᠵᠡᠬᠦ ᠪᠤᠢ︖ | ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠳ᠋ᠡᠶᠢᠲ᠋ᠠ ᠶᠢ ᠣᠯᠠᠨ ᠢᠶᠠᠷ ᠢᠶᠠᠨ ᠨᠡᠶᠢᠳᠡᠮ ᠠᠩᠬᠠᠷᠴᠤ | ᠬᠦᠭᠵᠢᠶᠡᠨᠲᠡᠢ ᠶᠠᠷᠢᠯᠴᠠᠵᠠᠭᠠᠵᠤ ᠪᠠᠶᠢᠨ᠎ᠠ᠃ | ᠡᠭᠦᠨ ᠤ ᠳᠣᠲᠣᠷ᠎ᠠ᠂ ᠵᠠᠷᠢᠮ ᠬᠥᠮᠥᠨ ᠵᠥᠪᠬᠡᠨ ᠠᠰᠠᠭᠤᠳᠠᠯ ᠢ ᠯᠡ ᠣᠯᠵᠤ ᠦᠵᠡᠪᠡ᠃ ᠤᠯᠠᠷᠢᠯ ᠢᠶᠠᠷ | ᠬᠤᠪᠢᠶᠠᠨ ᠦᠵᠡᠪᠡᠯ᠂ 5.3%᠂ 4.7%᠂ 4.6% ᠶᠢᠨ ᠠᠵᠤ ᠠᠬᠤᠶ ᠶᠢᠨ ᠠᠳᠠᠯᠢ ᠬᠤᠭᠤᠴᠠᠭ᠎ᠠ ᠲᠠᠢ | ᠬᠠᠷᠢᠴᠠᠭᠤᠯᠤᠭᠰᠠᠨ ᠨᠡᠮᠡᠭᠳᠡᠯ ᠤᠨ ᠬᠤᠷᠳᠤᠴᠠ ᠨᠢ ᠪᠠᠭᠤᠷᠠᠬᠤ ᠬᠠᠨᠳᠦᠰᠢ ᠲᠠᠢ ᠪᠠᠶᠢᠨ᠎ᠠ᠃ ᠳᠠᠩ ᠭᠠᠭᠴᠠ | ᠭᠤᠷᠪᠠᠳᠤᠭᠠᠷ ᠤᠯᠠᠷᠢᠯ ᠤᠨ 7᠂ 8 ᠳ᠋ᠤᠭᠠᠷ ᠰᠠᠷ᠎ᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠭᠡᠯ | ᠲᠤᠭ᠎ᠠ ᠶᠢᠨ ᠨᠡᠮᠡᠭᠳᠡᠯ ᠤᠨ ᠬᠤᠷᠳᠤᠴᠠ ᠪᠠᠭᠤᠷᠠᠪᠠ᠃ ᠡᠭᠦᠨ ᠤ ᠤᠯᠠᠮ ᠠᠴᠠ ᠠᠵᠤ ᠠᠬᠤᠶ ᠶᠢᠨ ᠨᠡᠮᠡᠭᠳᠡᠯ ᠤᠨ | ᠢᠷᠡᠭᠡᠳᠦᠶ ᠶᠢᠨ ᠲᠦᠯᠦᠪ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠵᠡᠷᠭᠡ ᠲᠠᠯ᠎ᠠ ᠪᠠᠷ ᠡᠷᠡᠭᠡᠯᠵᠡᠭᠡ ᠲᠠᠢ | ᠪᠤᠯᠤᠭᠰᠠᠨ ᠪᠠᠶᠢᠨ᠎ᠠ᠃ | ᠨᠡᠩ ᠤᠯᠠᠨ ᠬᠦᠮᠦᠨ ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠭᠰᠠᠨ ᠢᠶᠠᠷ ᠪᠠᠷᠠᠬᠤ ᠦᠭᠡᠢ᠂ ᠨᠡᠩ ᠴᠤ | ᠠᠰᠢᠭᠲᠠᠢ ᠨᠥᠬᠦᠴᠡᠯ ᠪᠠ ᠬᠦᠴᠦᠨ ᠵᠦᠢᠯ ᠢ ᠣᠯᠵᠤ ᠦᠵᠡᠭᠰᠡᠨ ᠪᠠᠶᠢᠨ᠎ᠠ᠃ ᠲᠦᠷᠦᠭᠦᠤ ᠭᠤᠷᠪᠠᠨ ᠤᠯᠠᠷᠢᠯ ᠳᠤ᠂ | ᠮᠠᠨ ᠤ ᠤᠯᠤᠰ ᠤᠨ ᠠᠵᠤ ᠠᠬᠤᠶ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠳᠡᠯᠡᠬᠡᠶ ᠶᠢᠨ ᠭᠤᠤᠯ ᠪᠣᠯᠬᠤ ᠠᠵᠤ ᠠᠬᠤᠶ ᠶᠢᠨ ᠴᠣᠭᠴᠠ ᠶᠢᠨ ᠳᠣᠲᠣᠷ᠎ᠠ ᠡᠮᠦᠨ᠎ᠡ ᠡᠩᠨᠡᠭᠡᠨ ᠳᠤ | ᠣᠷᠣᠪᠠ︔ ᠣᠨᠴᠠ ᠵᠠᠷᠢᠮ ᠠᠵᠤ ᠠᠬᠤᠶ ᠶᠢᠨ ᠴᠣᠭᠴᠠ ᠶᠢᠨ ᠨᠡᠮᠡᠭᠳᠡᠯ ᠤᠨ ᠬᠤᠷᠳᠤᠴᠠ ᠨᠢ ᠬᠡᠳᠦᠢ ᠪᠠᠷ | ᠬᠠᠷᠢᠴᠠᠩᠭᠤᠶ ᠪᠠᠷ ᠨᠡᠯᠢᠶᠡᠳ ᠥᠨᠳᠥᠷ ᠪᠠᠶᠢᠭ᠎ᠠ ᠪᠣᠯᠪᠠᠴᠤ ᠲᠡᠭᠦᠨ ᠤ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠ | ᠨᠡᠮᠡᠭᠳᠡᠯ ᠤᠨ ᠬᠡᠮᠵᠢᠶ᠎ᠡ ᠨᠢ ᠮᠠᠨ ᠤ ᠬᠢ ᠲᠠᠢ ᠠᠳᠠᠯᠢ ᠬᠡᠮᠵᠢᠶᠡᠨ ᠤ ᠳᠡᠰ ᠲᠤ ᠪᠠᠶᠢᠬᠤ ᠦᠭᠡᠢ᠃ ᠨᠡᠩ ᠴᠢᠬᠤᠯᠠ ᠨᠢ᠂ | ᠪᠢᠳᠡ ᠪᠦᠲᠦᠴᠡ ᠶᠢ ᠰᠢᠯᠢᠳᠡᠭᠵᠢᠭᠦᠯᠬᠦ᠂ ᠬᠦᠳᠡᠯᠭᠡᠭᠴᠢ ᠡᠨᠧᠷᠭᠢ ᠶᠢ ᠬᠤᠪᠢᠷᠠᠭᠤᠯᠬᠤ᠂ ᠶᠠᠰᠤ ᠴᠢᠨᠠᠷ ᠢ | ᠳᠡᠭᠡᠭᠰᠢᠯᠡᠭᠦᠯᠬᠦ ᠤᠷᠢᠲᠠᠯ ᠳᠣᠣᠷ᠎ᠠ ᠲᠤᠭ᠎ᠠ ᠬᠡᠮᠵᠢᠶ᠎ᠡ ᠶᠢᠨ ᠵᠦᠢ ᠵᠣᠬᠢᠰᠲᠠᠢ ᠨᠡᠮᠡᠭᠳᠡᠯ ᠢ ᠪᠠᠲᠤᠯᠠᠭᠰᠠᠨ ᠪᠠᠶᠢᠨ᠎ᠠ᠃ | ᠪᠦᠬᠦ ᠳᠡᠯᠡᠬᠡᠢ ᠶᠢ ᠪᠠᠷᠠᠯᠠᠬᠤᠶ᠎ᠠ᠂ ︽ᠠᠳᠡᠬᠢ ᠦᠵᠡᠮᠵᠢ ᠠᠲᠠᠪᠠᠰᠢ ᠭᠤᠶᠤ ᠪᠠᠶᠢᠪᠠ︾᠃ | ᠨᠢᠭᠡ ᠬᠡᠰᠡᠭ ᠬᠤᠭᠤᠴᠠᠭᠠᠨ ᠳᠤ ᠭᠠᠷᠤᠭᠰᠠᠨ ᠬᠦᠴᠢᠷᠳᠡᠯ ᠪᠠ ᠠᠰᠠᠭᠤᠳᠠᠯ ᠢ ᠲᠡᠬᠢᠭᠠᠦᠠ ᠠᠪᠴᠤ ᠦᠵᠡᠶ᠎ᠡ᠃ | ᠡᠭᠦᠨ ᠢ ᠬᠤᠷᠢᠶᠠᠩᠭᠤᠶᠢᠯᠠᠪᠠᠯ ᠭᠤᠣᠯᠳᠠᠭᠤ ᠳᠣᠣᠷᠠᠬᠢ ᠮᠡᠲᠦ ᠲᠦᠷᠪᠡᠨ ᠲᠠᠯ᠎ᠠ ᠪᠠᠷ ᠢᠯᠡᠷᠡᠵᠦ ᠪᠠᠶᠢᠨ᠎ᠠ᠄ | ᠨᠢᠭᠡ ᠳᠤ᠂ ᠭᠠᠳᠠᠭᠠᠳᠦ ᠣᠷᠴᠢᠨ ᠨᠦᠬᠦᠴᠡᠯ ᠨᠠᠩ ᠨᠠᠷᠢᠨ ᠪᠤᠳᠤᠯᠢᠶᠠᠨᠲᠠᠶ ᠪᠦᠭᠡᠳ ᠬᠦᠨᠳᠦ ᠭᠡᠴᠡᠭᠦᠦ ᠪᠤᠯᠵᠤ | ᠪᠠᠶᠢᠨ᠎ᠠ᠃ ᠳᠡᠯᠡᠬᠡᠶ ᠶᠢᠨ ᠠᠵᠤ ᠠᠬᠤᠶ ᠶᠢᠨ ᠲᠣᠭᠲᠠᠭᠤᠨ ᠪᠤᠰᠤ ᠴᠢᠨᠠᠷ ᠴᠢᠩᠭᠠᠷᠠᠵᠤ᠂ ᠣᠯᠠᠨ ᠤᠯᠤᠰ ᠤᠨ ᠤᠯᠤᠰ | ᠲᠥᠷᠥ ᠶᠢᠨ ᠲᠣᠭᠲᠠᠪᠤᠷᠢᠲᠤ ᠪᠤᠰᠤ ᠴᠢᠨᠠᠷ ᠨᠡᠮᠡᠭᠳᠡᠵᠦ᠂ ᠪᠦᠬᠦ ᠪᠥᠮᠪᠥᠷᠴᠡᠭ ᠤᠨ ᠠᠷᠠᠯᠵᠢᠶᠠᠨ ᠤ ᠬᠠᠮᠠᠭᠠᠯᠠᠯᠲᠠ | ᠰᠢᠷᠦᠭᠦᠰᠴᠦ᠂ ᠵᠠᠷᠢᠮ ᠤᠯᠤᠰ ᠤᠳ ᠤᠨ ᠪᠦᠰᠡᠯᠡᠵᠦ ᠬᠤᠷᠢᠭᠯᠠᠬᠤ ᠠᠯᠪᠠᠳᠠᠵᠤ ᠳᠠᠷᠤᠩᠭᠤᠶᠢᠯᠠᠬᠤ ᠪᠠᠶᠢᠳᠠᠯ | ᠦᠷᠭᠦᠯᠵᠢᠯᠡᠨ ᠨᠡᠮᠡᠭᠳᠡᠵᠦ᠂ ᠮᠠᠨ ᠤ ᠤᠯᠤᠰ ᠤᠨ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠶᠢ ᠲᠤᠭᠲᠠᠭᠤᠨ | ᠪᠠᠶᠢᠯᠭᠠᠬᠤ ᠳᠠᠷᠤᠯᠲᠠ ᠨᠡᠮᠡᠭᠳᠡᠵᠦ ᠪᠠᠶᠢᠨ᠎ᠠ᠃ | ᠬᠤᠶᠠᠷ ᠲᠤ᠂ ᠳᠤᠲᠤᠭᠠᠲᠦ ᠬᠡᠷᠡᠭᠴᠡᠭᠡ ᠤᠷᠤᠭᠰᠢ ᠦᠭᠡᠢ ᠪᠠᠶᠢᠨ᠎ᠠ᠃ ᠰᠠᠭᠤᠭᠠᠯᠢ ᠠᠷᠠᠳ ᠤᠨ ᠬᠡᠷᠡᠭᠯᠡᠭᠡ ᠶᠢᠨ | ᠴᠢᠳᠠᠪᠤᠷᠢ ᠪᠣᠯᠤᠨ ᠬᠡᠷᠡᠭᠯᠡᠭᠡ ᠶᠢᠨ ᠬᠦᠰᠡᠯ ᠡᠷᠡᠮᠡᠯᠵᠡᠯ ᠴᠢᠩᠭ᠎ᠠ ᠪᠢᠰᠢ᠂ ᠪᠡᠯᠡ ᠣᠷᠣᠭᠤᠯᠤᠯᠲᠠ ᠶᠢ ᠲᠤᠭᠲᠠᠭᠤᠨ | ᠪᠠᠶᠢᠯᠭᠠᠬᠤ ᠬᠦᠴᠢᠷᠳᠡᠯ ᠨᠡᠮᠡᠭᠳᠡᠵᠦ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠤᠯᠠᠮ | ᠨᠢᠭᠡ ᠠᠯᠬᠤᠮ ᠬᠥᠭᠵᠢᠭᠡᠬᠦ ᠴᠢᠬᠤᠯᠠ ᠲᠠᠢ ᠪᠠᠶᠢᠨ᠎ᠠ᠃ | ᠭᠤᠷᠪᠠ ᠳᠤ᠂ ᠵᠠᠷᠢᠮ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯ ᠲᠠᠢ ᠪᠠᠶᠢᠵᠦ᠂ ᠪᠣᠷᠤᠯᠠᠭᠤᠯᠭ᠎ᠠ | ᠮᠠᠭᠤᠲᠠᠬᠤ᠂ ᠦᠷ᠎ᠡ ᠠᠰᠢᠭ ᠪᠠᠭᠠᠰᠬᠤ᠂ ᠵᠠᠬ᠎ᠠ ᠳᠡᠯᠭᠡᠭᠦᠷ ᠤᠨ ᠵᠢᠱᠢᠯᠲᠠ ᠮᠠᠭᠤᠲᠠᠬᠤ ᠬᠠᠨᠳᠤᠰᠢ ᠲᠠᠢ ᠪᠠᠶᠢᠬᠤ | ᠵᠡᠷᠭᠡ ᠪᠠᠶᠢᠳᠠᠯ ᠳᠤ ᠲᠤᠯᠭᠠᠷᠠᠵᠤ ᠪᠤᠢ᠃ | ᠳᠥᠷᠪᠡ ᠳᠤ᠂ ᠵᠠᠷᠢᠮ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠭᠡᠮ ᠨᠡᠯᠢᠶᠡᠳ ᠠᠷᠪᠢᠨ ᠪᠠᠶᠢᠨ᠎ᠠ᠃ | ᠵᠠᠷᠢᠮ ᠣᠷᠣᠨ ᠨᠤᠲᠤᠭᠴᠢᠯᠠᠭᠰᠠᠨ ᠥᠷᠢ ᠥᠭᠴᠡᠭᠡ ᠶᠢᠨ ᠬᠦᠴᠢᠷᠳᠡᠯ ᠨᠡᠯᠢᠶᠡᠳ ᠶᠡᠭᠡ ᠪᠠᠶᠢᠵᠤ᠂ ᠵᠠᠷᠢᠮ | ᠦᠨᠳᠦᠰᠦᠨ ᠱᠠᠲᠤᠨ ᠤ ᠡᠳ᠋ ᠤᠨ ᠵᠠᠰᠠᠭ ᠬᠦᠴᠢᠷᠳᠡᠯ ᠲᠠᠢ ᠪᠠᠶᠢᠵᠤ᠂ ᠵᠠᠷᠢᠮ ᠠᠵᠤ ᠠᠬᠤᠶᠢᠯᠠᠯ ᠠᠴᠠ | ᠠᠵᠢᠯᠲᠠᠨ ᠢᠶᠠᠨ ᠬᠠᠰᠤᠵᠤ ᠴᠠᠯᠢᠩ ᠢᠶᠠᠨ ᠪᠠᠭᠤᠷᠠᠭᠤᠯᠬᠤ ᠪᠠᠶᠢᠳᠠᠯ ᠢᠯᠡᠷᠡᠵᠦ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠭᠤᠯᠲᠠ ᠶᠢᠨ ᠳᠠᠷᠤᠯᠲᠠ ᠨᠡᠮᠡᠭᠳᠡᠵᠦ᠂ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠵᠤ ᠪᠠᠶᠢᠨ᠎ᠠ᠃ | ᠬᠦᠴᠢᠷᠳᠡᠯ ᠳᠤ ᠵᠥᠪ ᠢᠶᠠᠷ ᠬᠠᠨᠳᠤᠬᠤ ᠮᠥᠷᠲᠡᠭᠡᠨ ᠨᠡᠩ ᠴᠤ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ᠃ | ᠶᠡᠷᠦᠩᠬᠡᠢ ᠱᠦᠵᠢ ᠰᠢ ᠶᠢᠨ ᠫᠢᠩ᠄ ︽ᠶᠠᠮᠠᠷ ᠦᠶ᠎ᠡ ᠳᠤ ᠬᠦᠴᠢᠷᠳᠡᠯ ᠪᠠᠶᠢᠭᠰᠠᠨ ᠦᠭᠡᠢ ᠪᠤᠢ︖ ᠨᠢᠭᠡ ᠨᠢᠭᠡ ᠪᠠᠷ | ᠦᠩᠭᠡᠷᠡᠭᠦᠯᠵᠤ᠂ ᠵᠢᠯ ᠵᠢᠯ ᠢᠶᠠᠷ ᠦᠩᠭᠡᠷᠡᠭᠦᠯᠵᠤ᠂ ᠵᠢᠯ ᠠᠴᠠ ᠵᠢᠯ ᠰᠠᠶᠢᠨ ᠪᠣᠯᠳᠠᠭ᠂ ᠳᠤᠮᠳᠠᠳᠤ ᠶᠢᠨ | ᠦᠨᠳᠦᠰᠦᠲᠡᠨ 5000 ᠭᠠᠷᠤᠢ ᠵᠢᠯ ᠤᠨ ᠲᠤᠷᠰᠢ ᠪᠦᠷ ᠯᠡ ᠢᠩᠭᠢᠵᠦ ᠢᠷᠡᠵᠡᠢ᠃ ᠵᠠᠩᠭᠢᠯᠠᠭ᠎ᠠ ᠨᠢ ᠢᠲᠡᠭᠡᠯ | ᠵᠣᠷᠢᠭ ᠢᠶᠠᠨ ᠬᠥᠪᠴᠢᠯᠡᠬᠦ ᠳᠤ ᠪᠤᠢ᠃ | ᠣᠳᠣᠬᠠᠨ ᠳᠤ ᠪᠢᠳᠡᠨ ᠤ ᠲᠤᠯᠭᠠᠷᠠᠵᠤ ᠪᠠᠶᠢᠭ᠎ᠠ ᠬᠦᠴᠢᠷᠳᠡᠯ ᠪᠣᠯ ᠬᠥᠭᠵᠢᠯᠲᠡ ᠶᠢᠨ ᠳᠤᠮᠳᠠᠬᠢ ᠠᠰᠠᠭᠤᠳᠠᠯ᠂ | ᠬᠡᠯᠪᠡᠷᠢ ᠪᠠᠨ ᠬᠤᠪᠢᠷᠠᠭᠤᠯᠬᠤ ᠳᠤᠮᠳᠠᠬᠢ ᠡᠪᠡᠷᠰᠢᠶᠡᠯ ᠲᠡᠳᠦᠢ᠂ ᠴᠢᠷᠮᠠᠶᠢᠯᠭ᠎ᠠ ᠪᠠᠷ ᠳᠠᠮᠵᠢᠨ ᠪᠦᠷᠢᠮᠦᠰᠦᠨ ᠳᠠᠪᠠᠵᠤ | ᠭᠠᠷᠴᠦ ᠪᠣᠯᠬᠤ ᠶᠤᠮ᠃ | ᠡᠨᠡ ᠵᠢᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ | ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠯᠠᠪᠳᠠᠭᠤᠨ ᠲᠣᠭᠲᠠᠭᠤᠨ ᠢᠶᠠᠷ ᠠᠷᠭᠠᠴᠠᠭᠠᠵᠤ᠂ ᠤᠨᠴᠠᠭᠠᠶᠢᠯᠠᠨ ᠠᠵᠤ | ᠠᠬᠤᠢ ᠶᠢᠨ ᠠᠵᠢᠯᠯᠠᠭᠠᠨ ᠤ ᠳᠤᠮᠳᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ᠳᠤ ᠴᠢᠭᠯᠡᠭᠦᠯᠦᠨ᠂ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠡᠷᠡᠰ ᠰᠢᠭᠤᠷᠬᠠᠢ ᠪᠠᠷ ᠠᠷᠭ᠎ᠠ ᠤᠬᠠᠭᠠᠨ ᠭᠠᠷᠭᠠᠵᠤ᠂ | ᠠᠯᠢ ᠤᠯᠠᠨ ᠨᠡᠮᠡᠭᠳᠡᠯ ᠤᠨ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤ ᠨᠢ ᠬᠡᠷᠡᠭᠵᠢᠭᠦᠯᠵᠦ᠂ ᠨᠢᠭᠡ ᠢᠵᠢ ︽ᠬᠠᠮ | ᠠᠷᠭ᠎ᠠ︾ ᠭᠠᠷᠭᠠᠵᠤ᠂ ᠠᠵᠤ ᠠᠬᠤᠢ ᠶᠢᠨ ᠲᠣᠭᠲᠠᠭᠤᠨ ᠢᠶᠠᠷ ᠦᠭᠡᠳᠡᠯᠡᠨ ᠳᠠᠪᠰᠢᠬᠤ᠂ ᠪᠦᠲᠦᠴᠡ ᠶᠢᠨ | ᠰᠢᠯᠢᠳᠡᠭᠵᠢᠬᠦ᠂ ᠬᠥᠭᠵᠢᠯᠲᠡ ᠶᠢᠨ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠬᠦᠴᠦᠯᠡᠨ ᠠᠬᠢᠭᠤᠯᠪᠠ᠃ | ᠦᠷ᠎ᠡ ᠳ᠋ᠦᠩ ᠨᠢ ᠢᠯᠡᠷᠬᠡᠢ ᠪᠤᠯᠵᠦ ᠪᠠᠶᠢᠨ᠎ᠠ᠃ 9 ᠳ᠋ᠦ᠋ᠭᠡᠷ ᠰᠠᠷ᠎ᠠ ᠠᠴᠠ ᠨᠠᠭᠠᠰᠢ᠂ ᠠᠵᠤ ᠤᠶᠢᠯᠡᠤᠨᠪᠦᠷᠢ᠂ | ᠬᠡᠷᠡᠭᠯᠡᠭᠡ᠂ ᠪᠠᠯᠠ ᠤᠷᠤᠭᠤᠯᠤᠯᠲᠠ ᠪᠠ ᠰᠲ᠋ᠤᠺ ᠤᠨ ᠵᠠᠬ᠎ᠠ ᠳᠡᠯᠭᠡᠭᠦᠷ᠂ ᠭᠡᠷ ᠪᠠᠶᠢᠰᠢᠩ ᠤᠨ ᠵᠠᠬ᠎ᠠ ᠳᠡᠯᠭᠡᠭᠦᠷ ᠵᠡᠷᠬᠡ | ᠬᠦᠷᠢᠶᠠᠨ ᠳᠠᠬᠢ ᠠᠵᠤ ᠠᠬᠤᠢ ᠶᠢᠨ ᠠᠵᠢᠯᠯᠠᠭᠠᠨ ᠤ ᠢᠲᠡᠪᠭᠢᠲᠠᠢ ᠬᠤᠪᠢᠷᠠᠯᠲᠠ ᠤᠯᠠᠮ ᠠᠴᠠ ᠤᠯᠠᠮ ᠤᠯᠠᠨ ᠪᠤᠯᠵᠤ᠂ | ᠵᠠᠬ᠎ᠠ ᠲᠡᠯᠭᠡᠭᠦᠷ ᠤᠨ ᠢᠲᠡᠬᠡᠯ ᠵᠤᠷᠢᠭ ᠴᠢᠩᠭᠠᠷᠠᠵᠤ᠂ ᠨᠡᠶᠢᠬᠡᠮ ᠤᠨ ᠵᠢᠱᠢᠯᠲᠠ ᠰᠠᠶᠢᠵᠢᠷᠠᠵᠤ᠂ ᠴᠦᠬᠡᠨ ᠪᠤᠰᠤ | ᠠᠵᠤ ᠠᠬᠤᠢ ᠶᠢᠨ ᠭᠦᠢᠴᠡᠳᠭᠡᠯ ᠲᠤᠭᠠᠨ ᠤ ᠨᠡᠮᠡᠭᠲᠡᠯ ᠤᠨ ᠬᠤᠷᠲᠤᠴᠠ ᠲᠡᠬᠡᠭᠰᠢᠯᠡᠵᠡᠢ᠃ | ᠶᠡᠷᠦᠩᠬᠡᠢ ᠳᠤ ᠨᠢ ᠠᠪᠴᠤ ᠦᠵᠡᠪᠡᠯ᠂ ᠪᠢᠳᠡ ᠪᠠᠭᠤᠷᠠᠯᠲᠠ ᠶᠢᠨ ᠳᠠᠷᠤᠯᠲᠠ ᠶᠢ ᠲᠤᠯᠵᠤ᠂ ᠬᠦᠴᠢᠷ ᠪᠡᠷᠬᠡᠰᠢᠶᠡᠯ | ᠥᠷᠢᠰᠥᠯᠳᠦᠭᠡᠨ ᠢ ᠢᠯᠠᠨ ᠳᠠᠪᠠᠵᠤ᠂ ᠠᠵᠤ ᠠᠬᠤᠢ ᠶᠢᠨ ᠲᠣᠭᠲᠠᠭᠤᠨ ᠡᠷᠭᠢᠯᠲᠡ᠂ ᠪᠦᠲᠦᠴᠡ ᠶᠢ ᠲᠤᠬᠢᠷᠠᠭᠤᠯᠤᠨ | ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠵᠤ ᠪᠠᠶᠢᠭ᠎ᠠ ᠬᠥᠭᠵᠢᠯᠲᠡ ᠶᠢᠨ ᠪᠠᠶᠢᠳᠠᠯ᠂ | ᠠᠵᠤ ᠠᠬᠤᠢ ᠶᠢᠨ ᠠᠵᠢᠯᠯᠠᠭᠠᠨ ᠨᠢ ᠪᠠᠭᠤᠷᠠᠯᠲᠠ ᠶᠢᠨ ᠶᠠᠪᠤᠴᠠ ᠳᠤ ᠪᠠᠶᠢᠭᠰᠠᠨ ᠠᠴᠠ ᠪᠠᠨ ᠰᠠᠭᠤᠷᠢ ᠶᠢ ᠨᠢ | ᠪᠠᠬᠢᠵᠢᠭᠦᠯᠬᠦ ᠪᠣᠯᠵᠤ ᠳᠠᠬᠢᠨ ᠳᠡᠭᠡᠭᠰᠢᠯᠡᠬᠦ ᠬᠤᠪᠢᠷᠠᠯᠲᠠ ᠶᠢᠨ ᠪᠠᠶᠢᠳᠠᠯ ᠲᠡᠶᠢᠰᠢ ᠤᠯᠠᠷᠢᠵᠤ ᠬᠤᠪᠢᠷᠠᠭᠰᠠᠨ ᠨᠢ | ᠤᠯᠠᠮ ᠠᠴᠠ ᠤᠯᠠᠮ ᠢᠯᠡᠷᠬᠡᠢ ᠪᠣᠯᠵᠤ ᠪᠠᠶᠢᠨ᠎ᠠ᠃ | ᠦᠯᠡᠳᠡᠭᠡᠯ ᠲᠥᠷᠥ ᠶᠢᠨ ᠪᠣᠳᠣᠯᠭ᠎ᠠ ᠶᠢᠨ ᠦᠷᠭᠦᠯᠵᠢᠯᠡᠨ ᠦᠷ᠎ᠡ ᠨᠦᠯᠦᠭᠡ ᠭᠠᠷᠭᠠᠬᠤ ᠶᠢ ᠳᠠᠭᠠᠯᠳᠤᠨ᠂ | ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ | ᠨᠡᠶᠢᠯᠡᠮᠡᠯ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠢᠳᠡᠪᠬᠢ ᠬᠦᠴᠦᠨ ᠵᠦᠢᠯ ᠪᠠ ᠠᠰᠢᠭᠲᠠᠢ ᠨᠥᠬᠦᠴᠡᠯ ᠢ | ᠲᠠᠰᠤᠷᠠᠯᠲᠠ ᠦᠭᠡᠢ ᠨᠡᠮᠡᠭᠳᠡᠭᠦᠯᠵᠦ᠂ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠶᠡᠭᠡ | ᠲᠥᠯᠥᠪᠰᠢᠷᠡᠯ ᠰᠠᠶᠢᠵᠢᠷᠠᠬᠤ ᠬᠠᠨᠳᠤᠰᠢ ᠲᠠᠢ ᠪᠣᠯᠵᠤ᠂ ᠪᠥᠬᠦ ᠵᠢᠯ ᠳᠤ ᠠᠵᠤ ᠠᠬᠤᠢ ᠶᠢᠨ ᠨᠡᠮᠡᠭᠳᠡᠯ ᠤᠨ ᠵᠢᠱᠢᠭᠰᠡᠨ | ᠬᠠᠷᠠᠯᠲᠠ ᠶᠢ ᠪᠡᠶᠡᠯᠡᠭᠦᠯᠬᠦ ᠪᠣᠯᠣᠮᠵᠢᠲᠠᠢ ᠪᠠᠶᠢᠨ᠎ᠠ᠃ | ᠲᠦᠷᠦᠭᠦᠬᠡᠨ᠂ ᠣᠯᠠᠨ ᠤᠯᠤᠰ ᠤᠨ ᠵᠣᠭᠤᠰᠣᠨ ᠤ ᠰᠠᠭᠤᠷᠢ ᠮᠥᠩᠭᠦᠨ ᠤ ᠵᠣᠬᠢᠶᠠᠨ ᠪᠠᠶᠢᠭᠤᠯᠤᠯᠲᠠ ᠶᠢᠨ | ᠵᠢᠱᠢᠯᠲᠡ ᠪᠠᠷ᠂ ᠳᠡᠯᠡᠬᠡᠶ ᠶᠢᠨ ᠠᠵᠤ ᠠᠬᠤᠶ ᠶᠢᠨ ᠨᠡᠮᠡᠭᠳᠡᠯ ᠠᠯᠲᠠᠨ ᠲᠣᠭᠤᠰᠬ᠎ᠠ ᠤᠯᠤᠰ ᠤᠳ ᠲᠤ ᠨᠡᠩ | ᠲᠦᠰᠢᠭᠯᠡᠨ᠎ᠡ᠃ ᠫᠸᠡᠭ ᠪᠦᠸᠧ ᠬᠤᠷᠢᠶ᠎ᠠ ᠶᠢᠨ ᠦᠵᠡᠬᠦ ᠪᠠᠷ᠂ ᠳᠤᠮᠳᠠᠳᠤ ᠤᠯᠤᠰ ᠢᠷᠡᠭᠡᠳᠦᠢ ᠶᠢᠨ ᠲᠠᠪᠤᠨ ᠵᠢᠯ ᠳᠤ | ᠪᠦᠬᠦ ᠪᠥᠮᠪᠥᠷᠴᠡᠭ ᠤᠨ ᠨᠡᠮᠡᠭᠳᠡᠯ ᠳᠤ ᠬᠠᠮᠤᠭ ᠤᠨ ᠶᠡᠭᠡ ᠬᠤᠪᠢ ᠨᠡᠮᠡᠷᠢ ᠦᠵᠡᠭᠦᠯᠬᠦ ᠤᠯᠤᠰ ᠪᠣᠯᠬᠤ ᠪᠣᠯᠤᠨ᠎ᠠ ᠭᠡᠵᠡᠢ | ᠃ | ᠣᠷᠭᠢᠯ ᠳᠤᠷ ᠭᠠᠷᠬᠤᠶ᠎ᠠ ᠬᠦᠴᠢᠷ ᠠᠴᠠ ᠪᠦᠦ ᠠᠶᠤ᠃ ᠡᠨᠡ ᠬᠦ ᠲᠠᠰᠢᠷᠠᠮ ᠢᠶᠠᠷ᠂ ᠪᠢᠳᠡ ᠠᠵᠤ ᠠᠬᠤᠢ ᠶᠢᠨ | ᠪᠠᠶᠢᠳᠠᠯ ᠳᠤ ᠪᠦᠬᠦ ᠲᠠᠯ᠎ᠠ ᠪᠠᠷ ᠪᠤᠰᠤᠳᠴᠢ ᠪᠠᠷ ᠯᠠᠪᠳᠠᠭᠤᠨ ᠲᠣᠭᠲᠠᠭᠤᠨ ᠢᠶᠠᠷ ᠬᠠᠨᠳᠤᠵᠤ᠂ ᠪᠦᠬᠦ ᠲᠠᠯ᠎ᠠ ᠶᠢ | ᠠᠵᠢᠭᠯᠠᠨ᠂ ᠶᠡᠭᠡ ᠬᠠᠨᠳᠤᠰᠢ ᠶᠢ ᠡᠵᠡᠮᠳᠡᠵᠦ᠂ ᠭᠤᠣᠯᠳᠠᠯᠭ᠎ᠠ ᠶᠢ ᠠᠳᠬᠤᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ | ᠂ ᠠᠰᠠᠭᠤᠳᠠᠯ ᠪᠣᠯᠤᠨ ᠥᠷᠢᠰᠥᠯᠳᠦᠭᠡᠨ ᠢ ᠪᠦᠲᠦᠮᠵᠢᠲᠡᠢ ᠠᠷᠭᠠᠴᠠᠭᠠᠵᠤ᠂ ᠪᠦᠬᠦ ᠬᠦᠴᠦᠨ ᠢᠶᠠᠷ ᠢᠶᠠᠨ ᠠᠵᠤ | ᠠᠬᠤᠢ ᠶᠢ ᠬᠥᠭᠵᠢᠭᠦᠯᠬᠦ ᠬᠡᠷᠡᠭᠲᠡᠢ ᠭᠡᠵᠡᠢ᠃ | |