︵ᠬᠤᠶᠠᠷ︶ | ᠰᠢᠨ᠎ᠡ ᠪᠠᠶᠢᠳᠠᠯ ᠢ ᠠᠷᠭᠠᠴᠠᠭᠠᠬᠤ ᠳᠤ᠂ ᠪᠣᠳᠠᠲᠠᠢ ᠠᠰᠠᠭᠤᠳᠠᠯ ᠢ ᠪᠣᠳᠠᠲᠠᠢ ᠪᠠᠷ ᠵᠠᠳᠠᠯᠬᠤ ᠶᠢ ᠪᠠᠷᠢᠮᠲᠠᠯᠠᠬᠤ | ᠬᠡᠷᠡᠭᠲᠡᠢ | ᠬᠡᠪ ᠤᠨ ᠬᠡᠯᠪᠡᠯᠵᠡᠯ ᠳᠤ ᠬᠠᠨᠲᠤᠬᠤ ᠳᠤ ᠪᠠᠨ᠂ ᠡᠩ ᠤᠨ ᠰᠡᠳᠭᠢᠯᠭᠡ ᠢᠯᠡᠭᠦᠬᠡᠨ ᠪᠠᠶᠢᠬᠤ ᠳᠤ ᠪᠠᠨ ᠲᠠᠭᠠᠷᠠᠨ᠎ᠠ᠃ | ᠨᠡᠮᠡᠭᠳᠡᠯ ᠤᠨ ᠬᠤᠷᠳᠤᠴᠠ ᠠᠴᠠ ᠦᠵᠡᠪᠡᠯ᠂ ᠭᠤᠷᠪᠠᠨ ᠤᠯᠠᠷᠢᠯ ᠤᠨ ᠠᠵᠤ ᠠᠬᠤᠶ ᠶᠢᠨ ᠨᠡᠮᠡᠭᠳᠡᠯ ᠤᠨ ᠬᠤᠷᠳᠤᠴᠠ | ᠬᠡᠳᠦ᠋ᠢᠪᠡᠷ ᠬᠡᠯᠪᠡᠯᠵᠡᠯ ᠲᠠᠢ ᠪᠠᠶᠢᠭᠰᠠᠨ ᠴᠤ ᠬᠡᠯᠪᠡᠯᠵᠡᠯ ᠤᠨ ᠬᠡᠮᠵᠢᠶ᠎ᠡ ᠨᠢ ᠶᠡᠭᠡ ᠪᠢᠰᠢ ᠪᠠᠶᠢᠵᠤ᠂ ᠮᠥᠨ ᠯᠡ ︽ | 5% ᠣᠷᠴᠢᠮ︾ ᠤᠨ ᠵᠢᠱᠢᠭᠰᠡᠨ ᠬᠠᠷᠠᠯᠲᠠ ᠶᠢᠨ ᠣᠷᠴᠢᠮ ᠪᠠᠶᠢᠪᠠ᠃ ᠨᠡᠮᠡᠭᠲᠡᠯ ᠤᠨ ᠬᠡᠮᠵᠢᠶ᠎ᠡ ᠠᠴᠠ ᠦᠵᠡᠪᠡᠯ᠂ | ᠨᠡᠮᠡᠭᠲᠡᠯ ᠤᠨ ᠬᠤᠷᠲᠤᠴᠠ ᠠᠲᠠᠯᠢ ᠬᠤᠭᠤᠴᠠᠭᠠᠨ ᠤ ᠬᠢ ᠠᠴᠠ ᠬᠡᠲᠦ᠋ᠢᠪᠡᠷ ᠪᠠᠭᠠᠰᠤᠭᠰᠠᠨ ᠪᠤᠯᠪᠠᠴᠦ ᠭᠤᠷᠪᠠᠲᠤᠭᠠᠷ | ᠤᠯᠠᠷᠢᠯ ᠤᠨ ᠠᠵᠤ ᠠᠬᠤᠢ ᠶᠢᠨ ᠶᠡᠷᠦᠩᠭᠡᠢ ᠬᠡᠮᠵᠢᠶ᠎ᠠ ᠨᠢ ᠮᠦᠨ ᠯᠡ ᠨᠢᠲᠤᠨᠤᠨ ᠤ ᠠᠲᠠᠯᠢ | ᠬᠤᠭᠤᠴᠠᠭᠠᠨ ᠤ ᠬᠢ ᠠᠴᠠ 12934 ᠳ᠋ᠦᠩᠰᠢᠭᠤᠷ ᠳᠦᠭᠦᠷᠢᠭ ᠦᠨᠲᠦᠷ ᠪᠠᠶᠢᠪᠠ᠃ | ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠳᠤ᠂ ᠤᠷᠤᠭᠰᠢ ᠠᠬᠢᠬᠤ ᠵᠣᠷᠢᠭ ᠢᠯᠡᠭᠦᠬᠡᠨ ᠳᠤ ᠪᠠᠨ | ᠲᠠᠭᠠᠷᠠᠨ᠎ᠠ᠃ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ᠂ ᠦᠢᠯᠡᠴᠢᠯᠡᠭᠡᠨ ᠤ ᠦᠢᠯᠡᠰ ᠤᠨ GDP ᠳᠠᠬᠢ | ᠡᠵᠡᠯᠡᠬᠦ ᠬᠤᠪᠢ ᠶᠢᠨ ᠵᠢᠩ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.3 ᠵᠠᠭᠤᠨ ᠤ ᠴᠡᠭ ᠳᠡᠭᠡᠭᠰᠢᠯᠡᠵᠦ᠂ | ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 53.9% ᠳᠤ ᠬᠦᠷᠪᠡ︔ ᠳᠡᠭᠡᠳᠦ | ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 10.0% ᠪᠠᠷ | ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠪᠡᠯᠡ ᠣᠷᠣᠭᠤᠯᠤᠯᠲᠠ ᠠᠴᠠ 6.6 ᠵᠠᠭᠤᠨ ᠤ ᠴᠡᠭ | ᠥᠨᠳᠥᠷᠵᠢᠵᠦ᠂ 7 ᠰᠠᠷ᠎ᠠ ᠳᠠᠷᠠᠭᠠᠯᠠᠨ ᠬᠤᠶᠠᠷ ᠣᠷᠣᠨᠲᠤ ᠲᠣᠭᠠᠨ ᠤ ᠨᠡᠮᠡᠭᠳᠡᠯ ᠢᠶᠠᠨ ᠪᠠᠲᠤᠯᠠᠵᠤ᠂ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠤ ᠲᠦᠷᠭᠡᠨ ᠪᠦᠷᠢᠯᠳᠦᠬᠦ ᠪᠠ ᠠᠵᠤ ᠠᠬᠤᠢ ᠶᠢᠨ ᠪᠦᠲᠦᠴᠡ ᠶᠢᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ | ᠬᠡᠯᠪᠡᠷᠢ ᠪᠠᠨ ᠬᠤᠪᠢᠷᠠᠭᠤᠯᠤᠨ ᠡᠪᠡᠷᠰᠢᠶᠡᠯ ᠢ ᠠᠷᠢᠯᠭᠠᠬᠤ ᠳᠤ ᠪᠠᠨ᠂ ᠢᠲᠡᠭᠡᠯ ᠬᠦᠰᠡᠯ ᠢᠯᠡᠭᠦᠬᠡᠨ | ᠪᠠᠶᠢᠬᠤ ᠳᠤ ᠪᠠᠨ ᠲᠠᠭᠠᠷᠠᠨ᠎ᠠ᠃ ᠲᠦᠷᠦᠭᠦᠤ ᠭᠤᠷᠪᠠᠨ ᠤᠯᠠᠷᠢᠯ ᠳᠤ᠂ ᠪᠡᠯᠡᠳᠬᠡᠮᠵᠢ ᠪᠠᠭᠠᠵᠢ ᠬᠡᠷᠡᠭᠰᠡᠯ ᠬᠤᠳᠠᠯᠳᠤᠨ | ᠠᠪᠬᠤ ᠳᠤ ᠵᠠᠷᠤᠴᠠᠭᠤᠯᠤᠭᠰᠠᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠪᠠᠯᠠ | ᠣᠷᠣᠭᠤᠯᠤᠯᠲᠠ ᠠᠴᠠ 13 ᠵᠠᠭᠤᠨ ᠤ ᠴᠡᠭ ᠢᠶᠠᠷ ᠥᠨᠳᠥᠷᠵᠢᠵᠦ᠂ ᠦᠢᠯᠡᠳᠬᠦ ᠦᠢᠯᠡᠰ ᠤᠨ ᠮᠡᠷᠭᠡᠵᠢᠯ ᠤᠨ | ᠰᠢᠨᠡᠴᠢᠯᠡᠯᠲᠡ ᠶᠢᠨ ᠪᠠᠯᠠ ᠣᠷᠣᠭᠤᠯᠤᠯᠲᠠ 9.5% ᠪᠠᠷ ᠨᠡᠮᠡᠭᠳᠡᠪᠡ︔ ᠬᠤᠷᠠᠮᠠᠯ ᠴᠠᠬᠢᠯᠭᠠᠨ ᠬᠡᠯᠬᠢᠶ᠎ᠡ ᠶᠢ | ᠦᠢᠯᠡᠳᠪᠦᠷᠢᠯᠡᠭᠰᠡᠨ ᠪᠠ ᠭᠠᠳᠠᠭᠠᠳᠤ ᠳᠤ ᠭᠠᠷᠭᠠᠭᠰᠠᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ | 26%᠂ 22% ᠢᠶᠠᠷ ᠨᠡᠮᠡᠭᠳᠡᠪᠡ︔ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠦᠢᠯᠡᠳᠪᠦᠷᠢᠯᠡᠭᠰᠡᠨ ᠪᠠ | ᠭᠠᠳᠠᠭᠠᠳᠤ ᠳᠤ ᠭᠠᠷᠭᠠᠭᠰᠠᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 31.7%᠂ 12. | 5% ᠪᠠᠷ ᠨᠡᠮᠡᠭᠳᠡᠪᠡ ᠁ ᠡᠨᠡ ᠨᠢ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠲᠦᠷᠭᠡᠨ ᠰᠣᠯᠢᠭᠳᠠᠯ ᠤᠨ | ᠬᠦᠴᠦᠲᠡᠢ ᠢᠯᠡᠷᠡᠯ ᠪᠠᠶᠢᠵᠤ᠂ ᠪᠢᠳᠡᠨ ᠢ ᠨᠡᠩ ᠲᠣᠭᠲᠠᠯ ᠬᠦᠴᠦᠨ ᠲᠠᠢ ᠪᠣᠯᠭᠠᠪᠠ᠃ | ᠪᠦᠬᠦ ᠲᠠᠯ᠎ᠠ ᠠᠴᠠ ᠦᠵᠡᠬᠦ ᠳᠤ᠂ ᠰᠠᠶᠢᠨᠲᠠᠢ ᠪᠠ ᠰᠠᠭᠠᠷ ᠲᠠᠢ ᠭᠡᠬᠦ ᠬᠤᠶᠠᠷ ᠲᠠᠯ᠎ᠠ ᠲᠠᠢ︔ ᠬᠤᠶᠠᠷ ᠲᠠᠯ᠎ᠠ ᠠᠴᠠ | ᠠᠵᠢᠬᠤ ᠨᠢ᠂ ᠦᠨᠡᠨ ᠳᠤ ᠪᠠᠨ ᠪᠦᠬᠦ ᠲᠠᠯ᠎ᠠ ᠶᠢ ᠬᠠᠮᠤᠷᠤᠭᠰᠠᠨ ᠪᠠᠶᠢᠳᠠᠭ᠃ | ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠨᠢ ᠰᠠᠭᠤᠷᠢ ᠪᠠᠷ ᠰᠠᠶᠢᠨ᠂ ᠤᠶᠠᠨ ᠬᠠᠳᠠᠨ ᠴᠢᠨᠠᠷ ᠢᠶᠠᠷ | ᠴᠢᠩᠭ᠎ᠠ᠂ ᠨᠢᠭᠤᠭᠳᠠᠮᠠᠯ ᠬᠦᠴᠦᠨ ᠢᠶᠠᠷ ᠶᠡᠭᠡ ᠵᠡᠷᠭᠡ ᠠᠰᠢᠭᠲᠠᠶ ᠨᠥᠬᠦᠴᠡᠯ ᠬᠤᠪᠢᠷᠬᠠᠰᠠᠨ ᠦᠭᠡᠶ ᠪᠠᠶᠢᠵᠤ᠂ ᠮᠠᠨ ᠤ | ᠤᠯᠤᠰ ᠬᠡᠳᠦ ᠶᠡᠭᠡ ᠬᠡᠪᠴᠢᠶᠡᠵᠢᠯ ᠲᠠᠢ ᠵᠠᠬ᠎ᠠ ᠳᠡᠯᠭᠡᠭᠦᠷ ᠲᠠᠢ ᠪᠠᠶᠢᠵᠤ᠂ ᠠᠵᠤ ᠦᠢᠯᠡᠰ ᠤᠨ ᠲᠣᠭᠲᠠᠯᠴᠠᠭ᠎ᠠ ᠨᠢ | ᠪᠦᠷᠢᠨ ᠪᠦᠲᠦᠨ᠂ ᠳᠦᠬᠦᠷᠵᠢᠭᠰᠡᠨ ᠴᠢᠳᠠᠪᠤᠷᠢ ᠪᠠᠷ ᠴᠢᠩᠭ᠎ᠠ᠂ ᠨᠡᠮᠡᠭᠳᠡᠯ ᠤᠨ ᠣᠷᠣᠨ ᠵᠠᠶ ᠶᠡᠭᠡ ᠵᠡᠷᠭᠡ ᠳᠠᠪᠠᠭᠤᠯᠢᠭ | ᠮᠥᠨ ᠬᠦ ᠣᠷᠣᠰᠢᠭᠰᠠᠭᠠᠷ ᠪᠠᠶᠢᠨ᠎ᠠ᠃ | ᠡᠭᠦᠨ ᠤ ᠬᠠᠮᠲᠤ᠂ ᠮᠠᠨ ᠤ ᠤᠯᠤᠰ ᠤᠨ ᠠᠵᠤ ᠠᠬᠤᠢ ᠶᠠᠭ ᠪᠦᠲᠦᠴᠡ ᠪᠠᠨ ᠳᠣᠬᠢᠷᠠᠭᠤᠯᠬᠤ᠂ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠤᠰᠢᠵᠤ᠂ ᠬᠥᠭᠵᠢᠯᠲᠡ ᠶᠢᠨ ᠠᠷᠭ᠎ᠠ | ᠮᠠᠶ᠋ᠢᠭ ᠢᠶᠠᠨ ᠬᠤᠪᠢᠷᠠᠭᠤᠯᠬᠤ ᠠᠴᠠ ᠠᠪᠤᠭᠠᠳ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ | ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠬᠥᠭᠵᠢᠯᠲᠡ ᠶᠢᠨ ᠬᠥᠳᠡᠯᠭᠡᠬᠦ ᠡᠨᠧᠷᠭᠢ ᠶᠢᠨ ᠰᠣᠯᠢᠭᠳᠠᠯ | ᠬᠦᠷᠲᠡᠯ᠎ᠡ ᠦᠶᠡᠯᠡᠯ ᠤᠨ ᠴᠢᠨᠠᠷᠲᠠᠢ ᠪᠦᠲᠦᠴᠡ ᠶᠢᠨ ᠴᠢᠨᠠᠷᠲᠠᠢ ᠵᠥᠷᠢᠴᠡᠯ ᠬᠠᠷᠢᠯᠴᠠᠨ ᠰᠣᠯᠪᠢᠴᠠᠵᠤ᠂ ᠬᠡᠯᠪᠡᠷᠢ ᠶᠢᠨ | ᠬᠤᠪᠢᠷᠠᠭᠤᠯᠤᠯᠲᠠ ᠶᠢᠨ ᠡᠪᠡᠷᠰᠢᠶᠡᠯ ᠠᠴᠠ ᠳᠠᠯᠳᠠᠯᠠᠵᠤ ᠴᠤ ᠴᠢᠳᠠᠬᠤ ᠦᠭᠡᠢ ᠲᠤᠭᠤᠷᠢᠨ ᠭᠠᠷᠴᠤ ᠴᠤ ᠴᠢᠳᠠᠬᠤ | ᠦᠭᠡᠢ ᠪᠣᠯᠪᠠ᠃ | ᠤᠯᠠᠮ ᠬᠦᠴᠢᠷᠳᠡᠯ ᠲᠠᠢ ᠴᠠᠭ ᠦᠶ᠎ᠡ ᠳᠤ ᠬᠦᠴᠢᠷ ᠪᠡᠷᠭᠡᠰᠢᠶᠠᠯ ᠢ ᠢᠯᠡᠨ ᠲᠠᠪᠠᠵᠤ᠂ ᠭᠡᠷᠡᠯ ᠭᠢᠯᠪᠠᠭ᠎ᠠ ᠪᠠᠨ | ᠳᠠᠬᠢᠨᠲᠠ ᠰᠠᠴᠤᠷᠠᠭᠤᠯᠬᠤ ᠡᠷᠡᠰ ᠵᠤᠷᠢᠭ ᠪᠠ ᠢᠳᠡᠭᠡᠯ ᠵᠤᠷᠢᠭ ᠢᠶᠠᠨ ᠤᠯᠠᠮ ᠪᠠᠳᠤᠳᠬᠠᠵᠤ᠂ ᠡᠷᠭᠡᠪᠰᠢ ᠴᠢᠨᠠᠷ | ᠰᠠᠶᠢᠳᠠᠢ ᠬᠦᠭᠵᠢᠯᠳᠠ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠶᠠᠭᠠᠬᠢᠬᠰᠠᠨ ᠴᠤ ᠬᠦᠴᠢᠷ ᠪᠡᠷᠭᠡᠰᠢᠶᠠᠯ | ᠪᠠ ᠦᠷᠢᠰᠦᠯᠳᠤᠭᠡᠨ ᠠᠴᠠ ᠪᠤᠯᠵᠤ ᠬᠠᠭᠠᠰ ᠲᠤᠲᠠᠭᠤ ᠣᠷᠬᠢᠨ ᠤᠬᠤᠷᠢᠵᠤ᠂ ᠵᠠᠩᠰᠢᠯᠳᠤ ᠴᠢᠨᠠᠷᠳᠠᠢ ᠪᠠᠷ | ᠪᠦᠳᠤᠬᠦᠯᠢᠭ ᠮᠠᠶ᠋ᠢᠭ ᠲᠡᠶᠢᠰᠢ ᠥᠷᠭᠡᠳᠭᠡᠬᠦ᠂ ᠲᠤᠤᠷ᠎ᠡ ᠦᠷ᠎ᠠ ᠠᠰᠢᠭᠲᠤ ᠬᠦᠭᠵᠢᠯᠳᠠ ᠶᠢ ᠬᠦᠬᠡᠬᠡᠴᠡᠯᠳᠤᠬᠦ | ᠬᠠᠭᠤᠴᠢᠨ ᠵᠠᠮ ᠳᠤ ᠪᠠᠨ ᠪᠤᠴᠠᠵᠤ ᠪᠤᠯᠬᠤ ᠦᠭᠡᠢ᠃ | ᠦᠨᠳᠦᠰᠦᠨ ᠠᠴᠠ ᠨᠢ ᠠᠪᠴᠤ ᠬᠡᠯᠡᠪᠡᠯ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢ | ᠬᠢᠵᠠᠭᠠᠷᠯᠠᠵᠤ ᠪᠠᠶᠢᠭ᠎ᠠ ︽ᠪᠣᠭᠤᠮᠢ︾ ᠶᠢ ᠡᠪᠳᠡᠬᠦ ᠶᠢᠨ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠳᠤ ᠪᠣᠢ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠳᠣᠬᠢᠴᠢᠯᠠᠯᠲᠠ ᠳᠤ ᠪᠠᠶᠢᠵᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠰᠢᠨ᠎ᠡ ᠬᠥᠳᠡᠯᠭᠡᠬᠦ ᠡᠨᠧᠷᠭᠢ ᠶᠢ | ᠪᠤᠶᠢᠵᠢᠭᠤᠯᠬᠤ ᠬᠡᠷᠡᠭᠲᠡᠶ᠃ | ᠡᠮᠦᠨᠡᠬᠡᠨ ᠨᠡᠶᠢᠲᠡᠯᠡᠭᠰᠡᠨ ︽2024 ᠣᠨ ᠤ ᠪᠥᠬᠦ ᠪᠥᠮᠪᠥᠷᠴᠡᠭ ᠤᠨ ᠰᠢᠨ᠎ᠡ ᠶᠢ ᠡᠭᠦᠳᠬᠦ ᠵᠢᠭᠠᠯᠲᠠ | ᠲᠤᠭ᠎ᠠ ᠶᠢᠨ ᠮᠡᠳᠡᠭᠦᠯᠦᠯᠲᠡ︾ ᠳᠤ ᠳᠤᠮᠳᠠᠳᠤ ᠤᠯᠤᠰ ᠪᠣᠯ 10 ᠵᠢᠯ ᠤᠨ ᠲᠤᠷᠰᠢ ᠰᠢᠨ᠎ᠡ ᠶᠢ ᠡᠭᠦᠳᠬᠦ | ᠬᠦᠴᠦᠨ ᠢᠶᠠᠷ ᠬᠠᠮᠤᠭ ᠤᠨ ᠲᠦᠷᠭᠡᠨ ᠳᠡᠭᠡᠭᠰᠢᠯᠡᠭᠰᠡᠨ ᠠᠵᠤ ᠠᠬᠤᠶ ᠶᠢᠨ ᠴᠣᠭᠴᠠ ᠶᠢᠨ ᠨᠢᠭᠡ ᠪᠠᠶᠢᠵᠤ᠂ ᠰᠢᠨ᠎ᠡ ᠶᠢ | ᠡᠭᠦᠳᠬᠦ ᠬᠥᠭᠵᠢᠯᠲᠡ ᠨᠢ ᠶᠠᠭ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠥᠷᠭᠡᠨ ᠠᠭᠤᠳᠠᠮ ᠢᠷᠡᠭᠡᠳᠦᠶ ᠶᠢ | ᠢᠯᠡᠷᠡᠭᠦᠯᠵᠦ ᠪᠠᠶᠢᠨ᠎ᠠ ᠭᠡᠵᠡᠶ᠃ | ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠠᠭ ᠪᠦᠷᠢᠮᠦᠰᠦᠨ ᠰᠠᠶᠢᠨ | ᠬᠦᠴᠦᠷᠬᠡᠭᠵᠢᠭᠡ ᠦᠭᠡᠶ᠂ ᠤᠷᠤᠭᠰᠢᠯᠠᠬᠤ ᠦᠭᠡᠶ ᠪᠣᠯ ᠤᠬᠤᠷᠢᠬᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ᠂ | ᠵᠠᠷᠢᠮ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠨᠢ ᠪᠤᠰᠤᠳ ᠬᠥᠮᠦᠨ ᠳᠤ ᠬᠢᠵᠠᠭᠠᠷᠯᠠᠭᠳᠠᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠣᠷᠦ᠋ᠢᠯᠠᠭᠰᠠᠨ ᠴᠢᠳᠠᠪᠤᠷᠢᠲᠠᠨ ᠬᠦᠷᠦᠯᠴᠡᠬᠦ ᠦᠭᠡᠶ ᠪᠠᠶᠢᠨ᠎ᠠ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠣᠮᠣ ᠤᠯᠤᠰ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ | ᠲᠡᠶᠢᠰᠢ ᠤᠷᠤᠭᠰᠢᠯᠠᠬᠤ ᠳᠤ ᠡᠯ᠎ᠡ ᠵᠦᠢᠯ ᠤᠨ ᠬᠠᠷᠰᠢᠯᠠᠯ ᠳᠤ ᠤᠴᠠᠷᠠᠬᠤ ᠨᠢ ᠵᠠᠶᠢᠯᠠᠰᠢ ᠦᠭᠡᠢ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠨᠢᠭᠡ ᠯᠡ ᠳᠡᠭᠡᠷ᠎ᠡ ᠠᠮᠵᠢᠯᠲᠠ ᠳᠤ ᠬᠦᠷᠴᠦ ᠴᠢᠳᠠᠬᠤ | ᠦᠭᠡᠢ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠪᠤᠢ ᠪᠣᠯᠭᠠᠬᠤ ᠳᠤ ᠤᠷᠲᠤ | ᠬᠤᠭᠤᠴᠠᠭᠠᠨ ᠤ ᠪᠠᠷᠢᠮᠲᠠᠯᠠᠯ ᠤᠨ ᠶᠠᠪᠤᠴᠠ ᠪᠠᠶᠢᠬᠤ ᠬᠡᠷᠡᠭᠲᠡᠢ᠃ | ᠶᠡᠷᠦᠩᠬᠡᠢ ᠱᠦᠵᠢ ᠰᠢ ᠶᠢᠨ ᠫᠢᠩ᠂ ︽ᠡᠷᠬᠡᠪᠰᠢ ᠪᠠᠴᠢᠮ ᠲᠤᠯᠭᠠᠮ ᠰᠡᠳᠬᠢᠯᠭᠡ ᠪᠠᠨ ᠤᠯᠠᠮ ᠴᠢᠨᠠᠭᠰᠢᠳᠠ | ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠤᠯᠠᠮ | ᠴᠢᠨᠠᠭᠰᠢᠳᠠ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠢᠰᠥᠯᠳᠦᠭᠡᠨ ᠪᠠ ᠢᠷᠡᠭᠡᠳᠦᠢ ᠶᠢᠨ | ᠬᠥᠭᠵᠢᠯᠲᠡ ᠶᠢᠨ ᠠᠰᠢᠭᠲᠠᠢ ᠪᠠᠶᠢᠷᠢ ᠶᠢ ᠵᠠᠪᠳᠤᠨ ᠡᠵᠡᠯᠡᠬᠦ ᠬᠡᠷᠡᠭᠲᠡᠢ︾ ᠭᠡᠵᠦ ᠴᠢᠬᠤᠯᠠᠴᠢᠯᠠᠪᠠ᠂ ᠡᠷᠳᠡᠮ | ᠰᠢᠨᠵᠢᠯᠡᠭᠡᠨ ᠤ ᠠᠵᠢᠯᠲᠠᠳ ᠢ ︽︿ᠬᠥᠮᠦᠨ ᠤ ᠠᠮᠢᠳᠤᠷᠠᠯ ᠳᠤ ᠲᠡᠮᠡᠴᠡᠬᠦ ᠠᠵᠠ ᠳᠣᠬᠢᠶᠠᠯ ᠬᠡᠳᠦ ᠯᠡ ᠤᠳᠠᠭ᠎ᠠ | ᠪᠠᠶᠢᠬᠤ ᠪᠣᠢ﹀ ᠭᠡᠬᠦ ᠡᠷᠴᠢ ᠵᠣᠷᠢᠭ ᠢᠶᠠᠷ ᠵᠣᠷᠢᠭᠲᠠᠢ ᠪᠠᠷ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠬᠡᠷᠡᠭᠲᠡᠢ︾ | ᠭᠡᠵᠦ ᠵᠣᠷᠢᠭᠵᠢᠭᠤᠯᠪᠠ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ︽ | ᠲᠣᠭᠲᠠᠭᠠᠯ︾ ᠳᠤ ︽ᠪᠥᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠴᠣᠭᠴᠠᠯᠠᠬᠤ︾ | ᠶᠢ ᠳᠤᠷᠠᠳᠴᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ | ᠲᠣᠭᠲᠠᠴᠠ ᠶᠢ ᠨᠢᠭᠡ ᠴᠤᠭᠴᠠᠵᠢᠭᠤᠯᠤᠭᠰᠠᠨ ᠥᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠶᠠᠭ | ᠱᠠᠯᠠᠪᠳᠠᠨ ᠬᠡᠷᠡᠭᠵᠢᠭᠦᠯᠬᠦ ᠶᠢ ᠨᠢᠭᠡᠳᠦᠯᠲᠡᠶ ᠲᠦᠯᠦᠪᠯᠡᠨ ᠠᠬᠢᠭᠤᠯᠵᠤ ᠪᠣᠢ᠃ ᠨᠢᠳᠤᠨᠤᠨ ᠤ ᠮᠠᠨ ᠤ ᠤᠯᠤᠰ ᠤᠨ | R&D ᠤᠨ ᠰᠤᠳᠤᠯᠤᠨ ᠨᠡᠬᠡᠬᠡᠬᠦ ᠳᠤ ᠵᠠᠷᠤᠴᠠᠭᠤᠯᠤᠭᠰᠠᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠠᠩᠬ᠎ᠠ | ᠤᠳᠠᠭ᠎ᠠ 3.3 ᠲᠥᠮᠡᠨ ᠳ᠋ᠦᠩᠰᠢᠭᠤᠷ ᠲᠦᠭᠦᠷᠢᠭ ᠢ ᠳᠠᠪᠠᠵᠤ᠂ ᠳᠡᠯᠡᠬᠡᠢ ᠶᠢᠨ ᠬᠤᠶᠠᠳᠤᠭᠠᠷ ᠲᠤ ᠵᠢᠭᠰᠠᠭᠠᠭᠳᠠᠪᠠ᠃ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ | ᠰᠠᠨᠲᠤᠷᠴᠤ ᠪᠣᠯᠬᠤ ᠦᠭᠡᠢ ᠮᠥᠷᠲᠡᠭᠡᠨ ᠪᠠᠰᠠ ᠬᠦᠯᠢᠶᠡᠵᠦ ᠪᠣᠯᠬᠤ ᠦᠭᠡᠢ᠂ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢᠶᠠᠨ ᠪᠠᠲᠤᠯᠠᠵᠤ᠂ ᠴᠥᠬᠦᠷᠡᠰᠢ ᠦᠭᠡᠢ ᠪᠠᠷ ᠪᠠᠷᠢᠮᠲᠠᠯᠠᠪᠠᠯ ᠪᠢᠳᠡ ᠯᠠᠪᠲᠠᠢ ︽ᠪᠣᠭᠤᠮᠢ︾ ᠶᠢᠨ | ᠠᠰᠠᠭᠤᠳᠠᠯ ᠢ ᠰᠢᠪᠲᠤᠯᠵᠤ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠨ᠎ᠡ ᠭᠡᠳᠡᠭ ᠲᠤ ᠢᠲᠡᠭᠡᠵᠦ | ᠪᠠᠶᠢᠨ᠎ᠠ᠃ | ︽ᠶᠠᠪᠤᠬᠤ ᠵᠠᠮ ᠵᠥᠪ ᠪᠣᠯ ᠬᠤᠯᠠ ᠵᠠᠢ ᠠᠴᠠ ᠠᠶᠤᠬᠤ ᠦᠭᠡᠢ︾ | | |