ᠥᠷᠢᠰᠦᠯᠳᠦᠭᠡᠨ ᠰᠢᠷᠦᠭᠦᠰᠬᠦ ᠲᠤᠲᠤᠮ ᠢᠶᠠᠨ ᠨᠢᠭᠡ ᠯᠠ ᠠᠮᠢᠰᠬᠤᠭ᠎ᠠ ᠪᠠᠷ ᠠᠯᠬᠤᠭ᠎ᠠ ᠪᠠᠨ ᠲᠡᠭᠰᠢᠯᠡᠨ ᠭᠤᠤ | ᠭᠠᠩᠭ᠎ᠠ ᠶᠢ ᠳᠠᠪᠠᠵᠤ᠂ ᠵᠦᠪᠳᠦᠭᠡᠭᠰᠡᠨ ᠵᠦᠢᠯᠡᠰ ᠢᠶᠠᠨ ᠱᠠᠯᠠᠪᠳᠠᠨ ᠬᠢᠬᠦ ᠬᠡᠷᠡᠭᠲᠡᠢ᠃ | ᠬᠤᠷᠸ᠎ᠠ ᠲᠦᠷᠦ ᠶᠢᠨ ᠪᠤᠳᠤᠯᠭ᠎ᠠ ᠶᠢᠨ ᠦᠶᠡᠯᠡᠯ ᠤᠨ ᠬᠤᠭᠤᠴᠠᠭᠠᠨ ᠤ ᠵᠣᠬᠢᠴᠠᠭᠤᠯᠭ᠎ᠠ ᠶᠢ ᠴᠢᠩᠭᠠᠳᠬᠠᠵᠤ᠂ | ᠳᠣᠲᠣᠭᠠᠳᠤ ᠬᠡᠷᠡᠭᠴᠡᠭᠡ ᠶᠢᠨ ᠨᠡᠮᠡᠭᠳᠡᠯ ᠢ ᠥᠷᠭᠡᠳᠬᠡᠬᠦ ᠲᠦᠷᠦ ᠶᠢᠨ ᠪᠤᠳᠤᠯᠭ᠎ᠠ ᠶᠢᠨ ᠭᠤᠣᠯᠳᠠᠯᠭ᠎ᠠ ᠶᠢ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ ᠳᠡᠭᠡᠷ᠎ᠡ ᠨᠡᠩ ᠢᠯᠡᠭᠦᠦ ᠲᠠᠯᠪᠢᠵᠤ᠂ ᠠᠵᠤ | ᠠᠬᠤᠶᠢᠯᠠᠯ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ | ᠠᠪᠴᠤ ᠪᠠᠶᠢᠭᠠᠳ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ᠂ | ᠬᠦᠷᠦᠩᠭᠡ ᠶᠢᠨ ᠵᠠᠬ᠎ᠠ ᠳᠡᠯᠭᠡᠭᠦᠷ ᠢ ᠤᠷᠮᠠᠰᠢᠭᠤᠯᠤᠨ ᠬᠥᠭᠵᠢᠭᠡᠬᠦ ᠶᠢ ᠠᠬᠢᠭᠤᠯᠤᠨ᠎ᠠ ᠁ ᠨᠡᠮᠡᠭᠳᠡᠯ ᠤᠨ ᠠᠯᠢ | ᠣᠯᠠᠨ ᠲᠥᠷᠥ ᠶᠢᠨ ᠪᠣᠳᠣᠯᠭ᠎ᠠ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠠᠰᠢ ᠴᠢᠩᠭ᠎ᠠ | ᠬᠠᠨᠳᠤᠯᠭᠠᠲᠤ ᠴᠢᠨᠠᠷ ᠲᠠᠢ ᠶᠤᠮ᠃ | ︽ᠬᠤᠶᠠᠷ ᠴᠢᠬᠤᠯᠠ︾᠂ ︽ᠬᠤᠶᠠᠷ ᠰᠢᠨ᠎ᠡ︾ ᠶᠢ ᠲᠦᠷᠭᠡᠳᠬᠡᠨ ᠠᠬᠢᠭᠤᠯᠵᠤ᠂ ᠣᠷᠣᠨ ᠨᠣᠲᠣᠭᠴᠢᠯᠠᠭᠰᠠᠨ | ᠥᠷᠢ ᠥᠭᠴᠡᠭᠡ ᠶᠢ ᠠᠷᠢᠯᠭᠠᠬᠤ ᠡᠬᠢ ᠪᠠᠶᠠᠯᠢᠭ ᠢ 10 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠥᠷᠢ | ᠥᠭᠴᠡᠭᠡ ᠶᠢ ᠠᠷᠢᠯᠭᠠᠬᠤ ︽ᠬᠠᠮ ᠠᠷᠭ᠎ᠠ︾ ᠶᠢ ᠪᠤᠢ ᠪᠣᠯᠭᠠᠵᠤ᠂ ᠣᠷᠣᠨ ᠨᠤᠲᠤᠭ ᠤᠨ ᠬᠥᠭᠵᠢᠯᠲᠡ ᠶᠢᠨ | ᠳᠠᠷᠤᠭᠠᠰᠤ ᠶᠢ ᠬᠦᠩᠭᠡᠷᠡᠭᠦᠯᠵᠦ᠂ ᠬᠥᠳᠡᠯᠭᠡᠭᠴᠢ ᠬᠦᠴᠦᠨ ᠢ ᠨᠡᠮᠡᠭᠳᠡᠭᠦᠯᠵᠦ᠂ 1 ᠲᠦᠮᠡᠨ ᠳ᠋ᠦᠩᠰᠢᠭᠤᠷ | ᠲᠥᠭᠦᠷᠢᠭ ᠤᠨ ᠤᠷᠲᠤ ᠬᠤᠭᠤᠴᠠᠭᠠᠨ ᠤ ᠣᠨᠴᠠᠭᠠᠶᠢᠯᠠᠨ ᠬᠡᠷᠡᠭᠵᠢᠭᠦᠯᠬᠦ ᠤᠯᠤᠰ ᠤᠨ ᠵᠢᠭᠡᠯᠡᠯᠭᠡ ᠶᠢ ᠴᠥᠮ ᠲᠥᠷᠥᠯ | ᠵᠦᠢᠯ ᠪᠠ ᠣᠷᠣᠨ ᠨᠤᠲᠤᠭ ᠲᠤ ᠪᠠᠭᠤᠯᠭᠠᠨ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠵᠢᠵᠢᠭ ᠪᠢᠴᠢᠯ | ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠳᠡᠮᠵᠢᠬᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ ᠁ | ᠨᠡᠮᠡᠭᠳᠡᠯ ᠤᠨ ᠬᠠᠮ ᠲᠦᠷᠦ ᠶᠢᠨ ᠪᠤᠳᠤᠯᠭ᠎ᠠ ᠨᠢ ᠣᠳᠣᠬᠠᠨ ᠤ ᠲᠤᠪᠤᠶᠢᠮ᠎ᠠ ᠵᠥᠷᠢᠴᠡᠯ ᠪᠠ ᠠᠰᠠᠭᠤᠳᠠᠯ ᠢ | ᠰᠢᠢᠳᠪᠦᠷᠢᠯᠡᠬᠦ ᠶᠢ ᠴᠢᠬᠤᠯᠠᠴᠢᠯᠠᠵᠤ ᠪᠠᠶᠢᠬᠤ ᠪᠠᠷ ᠪᠠᠷᠠᠬᠤ ᠦᠭᠡᠢ ᠪᠠᠰᠠ ᠮᠠᠨ ᠤ ᠤᠯᠤᠰ ᠤᠨ ᠠᠵᠤ ᠠᠬᠤᠢ ᠶᠢᠨ | ᠤᠷᠳᠤ ᠬᠤᠭᠤᠴᠠᠭ᠎ᠠ ᠪᠠᠷ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠪᠣᠳᠣᠯᠬᠢᠯᠠᠵᠤ᠂ ᠯᠣᠭᠢᠭ ᠴᠢᠨᠠᠷ ᠢ ᠨᠡᠩ | ᠲᠤᠪᠤᠶᠢᠯᠭᠠᠪᠠ᠃ | ᠡᠳ᠋ ᠤᠨ ᠵᠠᠰᠠᠭ ᠭᠠᠶᠢᠯᠢ ᠲᠠᠲᠠᠪᠤᠷᠢ᠂ ᠵᠣᠭᠤᠰ ᠮᠥᠩᠭᠦᠨ ᠭᠦᠢᠯᠭᠡᠭᠡ᠂ ᠪᠡᠯᠡ ᠣᠷᠣᠭᠤᠯᠤᠯᠲᠠ ᠬᠡᠷᠡᠭᠯᠡᠭᠡ᠂ | ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠬᠤᠷᠸ᠎ᠠ ᠲᠦᠷᠦ ᠶᠢᠨ ᠪᠤᠳᠤᠯᠭ᠎ᠠ ᠶᠢ ᠨᠢᠭᠡᠳᠦᠯᠲᠡᠢ ᠲᠦᠯᠦᠪᠯᠡᠨ | ᠵᠣᠬᠢᠴᠠᠭᠤᠯᠬᠤ ᠪᠠ ᠰᠢᠰᠲ᠋ᠧᠮ ᠲᠠᠢ ᠲᠥᠪᠯᠡᠷᠡᠭᠦᠯᠬᠦ ᠶᠢ ᠴᠢᠩᠭᠠᠳᠬᠠᠵᠤ᠂ ᠨᠢᠭᠡᠳᠦᠯᠲᠦ ᠴᠢᠨᠠᠷᠲᠠᠢ ᠦᠨᠡᠯᠡᠨ ᠵᠢᠱᠢᠬᠦ | ᠠᠵᠢᠯ ᠤᠨ ᠲᠣᠭᠲᠠᠴᠠ ᠶᠢ ᠰᠠᠶᠢᠲᠤᠷ ᠬᠡᠷᠡᠭᠯᠡᠵᠦ᠂ ᠡᠨᠡ ᠵᠢᠯ ᠪᠠ ᠢᠷᠡᠬᠦ ᠵᠢᠯ ᠤᠨ ᠲᠦᠷᠦ ᠶᠢᠨ ᠪᠤᠳᠤᠯᠭ᠎ᠠ ᠶᠢ | ᠵᠣᠯᠭᠠᠭᠤᠯᠬᠤ᠂ ᠠᠵᠢᠯ ᠢ ᠵᠣᠯᠭᠠᠭᠤᠯᠬᠤ ᠶᠢ ᠨᠢᠭᠡᠳᠦᠯᠲᠡᠢ ᠲᠦᠯᠦᠪᠯᠡᠨ᠎ᠡ ᠁ ᠨᠡᠮᠡᠭᠳᠡᠯ ᠤᠨ ᠬᠠᠮ ᠲᠦᠷᠦ ᠶᠢᠨ | ᠪᠤᠳᠤᠯᠭ᠎ᠠ ᠨᠢ ᠰᠢᠰᠲ᠋ᠧᠮ ᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ᠂ ᠤᠷᠳᠤ ᠪᠠ ᠣᠬᠤᠷ ᠬᠤᠭᠤᠴᠠᠭ᠎ᠠ ᠶᠢ | ᠤᠶᠠᠯᠳᠤᠭᠤᠯᠬᠤ ᠶᠢ ᠪᠠᠷᠢᠮᠲᠠᠯᠠᠵᠤ᠂ ᠰᠢᠰᠲ᠋ᠧᠮᠲᠦ ᠴᠢᠨᠠᠷ ᠢ ᠭᠦᠢᠴᠡᠳ ᠢᠯᠡᠷᠡᠭᠦᠯᠪᠡ᠃ | ᠪᠦᠬᠦ ᠤᠯᠤᠰ ᠤᠨ ᠨᠢᠭᠡᠲᠦᠯᠲᠡᠢ ᠲᠣᠮᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢᠨ ᠵᠢᠯᠤᠭᠤᠳᠤᠮᠵᠢ ᠶᠢ | ᠲᠦᠷᠭᠡᠳᠬᠡᠨ ᠲᠣᠭᠲᠠᠭᠠᠵᠤ᠂ ᠭᠠᠳᠠᠭᠠᠳᠤ ᠪᠡᠯᠡ ᠶᠢᠨ ᠣᠷᠤᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ | ᠳᠠᠩᠰᠠ ᠶᠢ ᠨᠡᠶᠢᠲᠡᠯᠡᠵᠦ᠂ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠤᠭᠤᠯᠬᠤ ᠶᠢ ᠵᠣᠷᠢᠭᠵᠢᠭᠤᠯᠬᠤ ᠠᠵᠤ | ᠦᠢᠯᠡᠰ ᠤᠨ ᠭᠠᠷᠴᠠᠭ ᠲᠤ ᠵᠠᠰᠠᠪᠤᠷᠢ ᠣᠷᠤᠭᠤᠯᠤᠨ ᠦᠷᠭᠡᠳᠬᠡᠨ᠎ᠡ ᠁ ᠦᠭᠡᠷᠡᠴᠢᠯᠡᠯᠲᠡ ᠶᠢᠨ ᠠᠯᠢ ᠣᠯᠠᠨ | ᠠᠷᠭ᠎ᠠ ᠬᠡᠮᠵᠢᠶ᠎ᠡ ᠶᠢ ᠲᠦᠷᠭᠡᠪᠴᠢᠯᠡᠨ ᠭᠠᠷᠭᠠᠵᠤ᠂ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠵᠦ ᠪᠠᠶᠢᠨ᠎ᠠ᠃ | 9 ᠳ᠋ᠦ᠋ᠭᠡᠷ ᠰᠠᠷ᠎ᠠ ᠳᠤ᠂ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ᠂ ᠬᠡᠷᠡᠭᠯᠡᠭᠡ᠂ ᠵᠢᠱᠢᠯᠲᠡ ᠵᠡᠷᠭᠡ | ᠭᠦᠢᠴᠡᠳᠬᠡᠯ ᠲᠤᠭ᠎ᠠ ᠰᠠᠶᠢᠵᠢᠷᠠᠵᠤ᠂ ᠪᠦᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠨ᠂ ᠳᠡᠭᠡᠷ᠎ᠡ ᠰᠠᠷ᠎ᠠ ᠶᠢᠨ ᠬᠢ ᠠᠴᠠ | 0.9 ᠵᠠᠭᠤᠨ ᠤ ᠴᠡᠭ ᠢᠶᠠᠷ ᠲᠦᠷᠭᠡᠰᠪᠡ︔ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠤᠨ ᠵᠢᠭᠠᠯᠲᠠ ᠲᠤᠭ᠎ᠠ | 5.1% ᠪᠠᠷ ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 0.5 ᠵᠠᠭᠤᠨ ᠤ ᠴᠡᠭ ᠢᠶᠠᠷ ᠲᠦᠷᠭᠡᠰᠪᠡ ᠁ | 10 ᠳ᠋ᠤᠭᠠᠷ ᠰᠠᠷ᠎ᠠ ᠳᠤ᠂ ᠦᠢᠯᠡᠳᠬᠡᠯ ᠤᠨ ᠦᠢᠯᠡᠰ ᠤᠨ ᠬᠤᠳᠠᠯᠳᠤᠨ ᠠᠪᠬᠤ ᠳᠠᠭᠠᠭᠠᠮᠠᠯ ᠤᠨ ᠵᠢᠭᠠᠯᠲᠠ | ᠲᠤᠭ᠎ᠠ ᠨᠢ 50.1 % ᠪᠠᠶᠢᠵᠤ᠂ ᠬᠤᠶᠠᠷ ᠰᠠᠷ᠎ᠠ ᠳᠠᠷᠠᠭᠠᠯᠠᠨ ᠬᠠᠷᠢᠴᠠᠭᠤᠯᠤᠭᠰᠠᠨ ᠵᠢᠭᠠᠯᠲᠠ | ᠲᠣᠭᠠᠨ ᠤ ᠬᠢ ᠠᠴᠠ ᠪᠠᠨ ᠳᠡᠭᠡᠭᠰᠢᠯᠡᠵᠦ᠂ 5 ᠰᠠᠷ᠎ᠠ ᠠᠴᠠ ᠨᠠᠭᠠᠰᠢ ᠠᠩᠬ᠎ᠠ ᠤᠳᠠᠭ᠎ᠠ ᠥᠷᠭᠡᠳᠬᠡᠯ ᠤᠨ ᠣᠷᠣᠨ ᠳᠤ | ᠬᠦᠷᠴᠡᠶ︔ ᠦᠢᠯᠡᠳᠬᠡᠯ ᠤᠨ ᠪᠤᠰᠤ ᠦᠢᠯᠡᠰ ᠤᠨ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠶᠢᠨ ᠵᠢᠭᠠᠯᠲᠠ | ᠲᠤᠭ᠎ᠠ ᠨᠢ 50.2 % ᠪᠠᠶᠢᠵᠤ᠂ ᠬᠠᠷᠢᠴᠠᠭᠤᠯᠤᠭᠰᠠᠨ ᠵᠢᠭᠠᠯᠲᠠ ᠲᠣᠭᠠᠨ ᠤ ᠬᠢ ᠠᠴᠠ 0.2 ᠵᠠᠭᠤᠨ ᠤ ᠴᠡᠭ ᠢᠶᠠᠷ | ᠳᠡᠭᠡᠭᠰᠢᠯᠡᠵᠡᠶ ᠁ | 10 ᠳ᠋ᠤᠭᠠᠷ ᠰᠠᠷ᠎ᠠ ᠳᠤ᠂ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ | ᠠᠷᠠᠯᠵᠢᠶ᠎ᠠ ᠬᠥᠭᠵᠢᠶᠡᠨᠲᠡᠶ ᠪᠣᠯᠵᠣ᠂ ᠣᠯᠠᠨ ᠭᠦᠢᠴᠡᠳᠭᠡᠯ ᠲᠤᠭ᠎ᠠ ᠨᠢ ᠨᠡᠯᠢᠶᠡᠳ ᠣᠷᠳᠣ ᠬᠤᠭᠤᠴᠠᠭᠠᠨ ᠳᠤ ᠠᠳᠠᠯᠢ | ᠬᠤᠭᠤᠴᠠᠭᠠᠨ ᠤ ᠬᠢ ᠠᠴᠠ ᠪᠠᠭᠤᠷᠠᠵᠤ ᠪᠠᠶᠢᠭᠰᠠᠨ ᠠᠴᠠ ᠪᠠᠨ ᠡᠶᠡᠷᠭᠦ ᠨᠡᠮᠡᠭᠳᠡᠯ ᠢᠯᠡᠷᠡᠪᠡ᠃ ᠡᠭᠦᠨ ᠳᠤ᠂ | ᠨᠢᠭᠡᠳᠦᠭᠡᠷ ᠵᠡᠷᠭᠡ ᠶᠢᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ᠂ ᠭᠠᠷ ᠳᠠᠮᠵᠢᠭᠰᠠᠨ | ᠣᠷᠣᠨ ᠰᠠᠭᠤᠴᠠ ᠶᠢᠨ ᠰᠦᠯᠵᠢᠶ᠎ᠡ ᠪᠠᠷ ᠳᠡᠭᠡᠷ᠎ᠡ ᠭᠡᠷ᠎ᠡ ᠲᠣᠭᠲᠠᠭᠰᠠᠨ ᠬᠡᠮᠵᠢᠶ᠎ᠡ ᠨᠢ ᠠᠳᠠᠯᠢ | ᠬᠤᠭᠤᠴᠠᠭᠠᠨ ᠤ ᠬᠢ ᠠᠴᠠ ᠲᠣᠰ ᠲᠣᠰ 14.1%᠂ 47.3% ᠪᠠᠷ ᠨᠡᠮᠡᠭᠳᠡᠵᠦ᠂ ᠪᠤᠰᠤᠳ ᠮᠠᠰᠢ ᠣᠯᠠᠨ | ᠬᠤᠲᠠ ᠶᠢᠨ ᠲᠠᠸᠠᠷ ᠤᠨ ᠬᠡᠷ ᠪᠠᠶᠢᠰᠢᠩ ᠤᠨ ᠰᠦᠯᠵᠢᠶ᠎ᠡ ᠪᠠᠷ ᠭᠡᠷ᠎ᠡ ᠲᠣᠭᠲᠠᠭᠰᠠᠨ ᠬᠡᠮᠵᠢᠶ᠎ᠡ ᠨᠢ ᠴᠦ ᠠᠳᠠᠯᠢ ᠪᠤᠰᠤ | ᠬᠡᠮᠵᠢᠶ᠎ᠡ ᠪᠠᠷ ᠨᠡᠮᠡᠭᠳᠡᠪᠡ᠃ 2007 ᠣᠨ ᠠᠴᠠ ᠨᠠᠭᠠᠰᠢ᠂ ᠠᠷᠪᠠᠳᠤᠭᠠᠷ ᠰᠠᠷ᠎ᠠ ᠳᠠᠬᠢ ᠠᠷᠠᠯᠵᠢᠶᠠᠨ ᠤ ᠬᠡᠮᠵᠢᠶ᠎ᠡ | ᠠᠩᠬ᠎ᠠ ᠤᠳᠠᠭ᠎ᠠ ᠶᠢᠰᠦᠳᠦᠭᠡᠷ ᠰᠠᠷ᠎ᠠ ᠶᠢᠨ ᠬᠢ ᠠᠴᠠ ᠳᠠᠪᠠᠵᠠᠶ᠃ | ᠨᠡᠮᠡᠭᠳᠡᠯ ᠤᠨ ᠬᠠᠮ ᠲᠥᠷᠥ ᠶᠢᠨ ᠪᠣᠳᠣᠯᠭ᠎ᠠ ᠶᠢᠨ ᠦᠢᠯᠡᠳᠦᠯ ᠳᠣᠤᠷ᠎ᠠ᠂ ᠵᠠᠬ᠎ᠠ ᠳᠡᠯᠭᠡᠭᠦᠷ ᠤᠨ ᠬᠥᠭᠵᠢᠶᠡᠨᠲᠦ | ᠬᠡᠮᠵᠢᠶ᠎ᠡ ᠲᠦᠷᠭᠡᠨ ᠳᠡᠭᠡᠭᠰᠢᠯᠡᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠵᠢᠱᠢᠯᠲᠡ ᠨᠡᠯᠢᠶᠡᠳ ᠲᠦᠷᠭᠡᠨ | ᠰᠠᠶᠢᠵᠢᠷᠠᠵᠤ᠂ ᠳᠣᠲᠣᠭᠠᠳᠤ ᠬᠡᠷᠡᠭᠴᠡᠭᠡ ᠶᠢᠨ ᠨᠢᠭᠤᠭᠳᠠᠮᠠᠯ ᠬᠦᠴᠦᠨ ᠢ ᠪᠦᠲᠦᠮᠵᠢᠲᠡᠶ ᠬᠥᠭᠵᠢᠭᠡᠵᠦ᠂ ᠠᠵᠤ | ᠦᠢᠯᠡᠳᠪᠦᠷᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠤᠨ ᠬᠤᠷᠳᠤᠴᠠ ᠲᠦᠷᠭᠡᠰᠪᠡ᠃ | ᠨᠡᠮᠡᠭᠳᠡᠯ ᠤᠨ ᠬᠠᠮ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠢᠲᠡᠭᠡᠯ ᠵᠣᠷᠢᠭ ᠢ ᠪᠠᠲᠤᠳᠬᠠᠵᠤ᠂ | ᠨᠡᠮᠡᠭᠳᠡᠯ ᠢ ᠠᠬᠢᠭᠤᠯᠬᠤ ᠦᠷ᠎ᠡ ᠪᠦᠲᠦᠮᠵᠢ ᠨᠢ ᠦᠷᠭᠦᠯᠵᠢᠯᠡᠨ ᠢᠯᠡᠷᠬᠡᠶ ᠪᠣᠯᠵᠤ᠂ ᠮᠥᠩᠭᠦᠨ ᠭᠦᠢᠯᠭᠡᠭᠡᠨ ᠤ ᠵᠠᠬ᠎ᠠ | ᠳᠡᠯᠭᠡᠭᠦᠷ ᠪᠤᠰᠢᠭᠤ ᠲᠦᠷᠭᠡᠨ ᠲᠤᠰᠬᠠᠯ ᠭᠠᠷᠴᠤ᠂ ᠰᠲ᠋ᠣᠺ᠂ ᠠᠪᠴᠠᠭ᠎ᠠ ᠵᠡᠷᠭᠡ ᠵᠠᠬ᠎ᠠ ᠳᠡᠯᠭᠡᠭᠦᠷ ᠤᠨ ᠲᠤᠰᠬᠠᠯ | ᠴᠥᠮ ᠨᠡᠯᠢᠶᠡᠳ ᠢᠳᠡᠪᠬᠢᠲᠡᠶ ᠪᠥᠭᠡᠳ ᠵᠥᠪ ᠲᠠᠯ᠎ᠠ ᠶᠢᠨ ᠲᠡᠶᠢᠰᠢ ᠬᠦᠭᠵᠢᠵᠦ ᠪᠠᠶᠢᠨ᠎ᠠ᠃ | ᠳᠤᠮᠳᠠᠳᠤ ᠤᠯᠤᠰ ᠤᠨ ᠠᠵᠤ ᠠᠬᠤᠢ ᠶᠠᠭ ᠳᠠᠪᠠᠭ᠎ᠠ ᠳᠠᠪᠠᠭ᠋ᠤ ᠦᠶ᠎ᠡ ᠳᠤ ᠣᠷᠤᠰᠢᠵᠤ ᠪᠤᠢ᠂ ᠬᠦᠴᠦ ᠲᠠᠮᠢᠷ | ᠬᠡᠷᠡᠭᠯᠡᠬᠦ ᠦᠶ᠎ᠡ ᠳᠤ ᠨᠡᠩ ᠯᠠᠪᠳᠠᠭᠤᠨ ᠪᠠᠶᠢᠬᠤ ᠬᠡᠷᠡᠭᠲᠡᠢ᠃ ︽ᠭᠠᠯᠵᠠᠭᠤ ᠦᠬᠡᠷ︾ ᠪᠣᠯᠵᠤ ᠪᠣᠯᠬᠤ ᠦᠭᠡᠢ᠂ ︽ | ᠬᠠᠱᠠᠩ ᠦᠬᠡᠷ︾ ᠪᠣᠯᠪᠠᠯ ᠵᠣᠬᠢᠨ᠎ᠠ᠃ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠴᠢᠭᠯᠡᠭᠦᠯᠦᠯᠲᠡ ᠴᠢᠨᠠᠷ᠂ | ᠪᠦᠲᠦᠮᠵᠢᠲᠦ ᠴᠢᠨᠠᠷ ᠢ ᠴᠢᠨᠠᠭᠰᠢᠲᠠ ᠳᠡᠭᠡᠭᠰᠢᠯᠡᠭᠦᠯᠪᠡᠯ᠂ ᠳᠤᠮᠳᠠᠳᠤ ᠶᠢᠨ ᠡᠳ᠋ ᠤᠨ ᠵᠠᠰᠠᠭ ᠯᠠᠪᠳᠠᠭᠤᠨ ᠪᠠᠲᠤᠲᠠᠢ | ᠣᠷᠤᠭᠰᠢᠯᠠᠵᠤ᠂ ᠠᠯᠤᠰ ᠢ ᠵᠣᠷᠢᠵᠤ ᠴᠢᠳᠠᠨ᠎ᠠ᠃ | ︽ᠵᠠᠮ ᠢ ᠵᠢᠷᠤᠮᠯᠠᠨ ᠶᠠᠪᠤᠬᠤ ᠳᠤ ᠪᠠᠨ ᠲᠠᠭᠠᠷᠠᠨ᠎ᠠ᠂ ᠬᠠᠭᠠᠰ ᠵᠠᠮ ᠬᠦᠷᠦᠭᠰᠡᠨ ᠴᠦ ᠦᠷᠭᠦᠯᠵᠢᠯᠡᠨ ᠴᠢᠷᠮᠠᠶᠢᠬᠤ | ᠬᠡᠷᠡᠭᠲᠡᠢ︾᠃ | ᠠᠵᠢᠯᠯᠠᠬᠤ ᠶᠢ ᠲᠡᠷᠢᠭᠦᠨ ᠳᠤ ᠲᠠᠯᠪᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠎ᠠ᠃ | ᠳᠤᠮᠳᠠᠳᠤ ᠤᠯᠤᠰ ᠤᠨ ᠠᠵᠤ ᠠᠬᠤᠢ ᠶᠡᠷᠦ ᠠᠴᠠ ᠥᠷᠢᠰᠥᠯᠳᠦᠭᠡᠨ ᠢ ᠢᠯᠠᠨ ᠳᠠᠪᠠᠭ᠋ᠤ ᠳᠤᠮᠳᠠ ᠬᠥᠭᠵᠢᠵᠦ᠂ | ᠰᠠᠯᠬᠢ ᠪᠣᠷᠣᠭᠠᠨ ᠤ ᠳᠤᠮᠳᠠ ᠦᠰᠦᠨ ᠪᠤᠶᠢᠵᠢᠵᠤ᠂ ᠰᠢᠯᠭᠠᠯᠲᠠ ᠶᠢ ᠥᠩᠭᠡᠷᠡᠭᠡᠬᠦ ᠳᠤᠮᠳᠠ ᠪᠤᠵᠠᠭᠠᠶᠢᠷᠠᠭᠰᠠᠭᠠᠷ | ᠢᠷᠡᠵᠡᠶ᠃ | ᠵᠠᠩᠭᠢᠯᠠᠭ᠎ᠠ ᠶᠢᠨ ᠴᠠᠭ ᠦᠶ᠎ᠡ᠂ ᠵᠠᠩᠭᠢᠯᠠᠭ᠎ᠠ ᠶᠢᠨ ᠨᠢᠭᠡ ᠵᠢᠯ ᠳᠤ᠂ ᠣᠩᠭᠤᠴᠠ ᠰᠡᠯᠢᠭᠰᠡᠭᠡᠷ ᠭᠤᠣᠯ | ᠤᠷᠤᠰᠬᠠᠯ ᠳᠤ ᠬᠦᠷᠴᠦ᠂ ᠬᠥᠮᠦᠰ ᠠᠭᠤᠯᠠ ᠮᠠᠴᠣᠭᠰᠠᠭᠠᠷ ᠬᠠᠭᠠᠰ ᠵᠠᠮ ᠳᠤ ᠪᠠᠨ ᠬᠦᠷᠬᠦ ᠳᠤ᠂ ᠨᠡᠩ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠴᠤᠭ ᠰᠦᠯᠳᠡ ᠪᠠᠨ ᠪᠠᠳᠠᠷᠠᠭᠤᠯᠵᠤ᠂ ᠡᠷᠴᠢ | ᠵᠣᠷᠢᠭ ᠢᠶᠠᠨ ᠭᠦᠢᠴᠡᠳ ᠪᠠᠳᠠᠷᠠᠭᠤᠯᠬᠤ ᠴᠢᠬᠤᠯᠠᠲᠠᠢ ᠲᠠᠢ ᠶᠤᠮ᠃ ᠰᠠᠯᠬᠢ ᠪᠤᠷᠤᠭᠠᠨ ᠤ ᠳᠤᠮᠳᠠ ᠰᠠᠭᠠᠳ ᠦᠭᠡᠢ | ᠤᠷᠤᠭᠰᠢᠯᠠᠵᠤ᠂ ᠶᠠᠮᠠᠷᠪᠠ ᠬᠦᠴᠢᠷ ᠪᠡᠷᠬᠡᠰᠢᠶᠡᠯ ᠭᠡᠳ ᠳᠤᠮᠳᠠᠳᠤ ᠤᠯᠤᠰ ᠤᠨ ᠠᠷᠠᠳ ᠲᠦᠮᠡᠨ ᠤ | ᠤᠷᠤᠭᠰᠢᠯᠠᠯᠲᠠ ᠶᠢᠨ ᠠᠯᠬᠤᠭ᠎ᠠ ᠶᠢ ᠬᠤᠷᠢᠭᠯᠠᠵᠤ ᠴᠢᠳᠠᠬᠤ ᠦᠭᠡᠢ ᠶᠤᠮ᠃ | ︽ᠳᠤᠮᠳᠠᠳᠤ ᠤᠯᠤᠰ ᠤᠨ ᠬᠥᠭᠵᠢᠯᠲᠡ ᠶᠢᠨ ᠢᠷᠡᠭᠡᠳᠦᠢ ᠪᠣᠯ ᠭᠡᠭᠡᠨ ᠰᠠᠷᠠᠭᠤᠯ ᠶᠤᠮ᠂ ᠪᠢᠳᠡ ᠡᠨᠡ ᠬᠦ ᠢᠳᠡ | ᠬᠦᠴᠦᠨ ᠪᠠ ᠢᠲᠡᠭᠡᠯ ᠵᠣᠷᠢᠭ ᠲᠠᠢ︾᠃ | | |