ᠰᠤᠷᠭᠠᠭᠤᠯᠢ ᠶᠢᠨ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 11 ᠰᠠᠷ᠎ᠠ ᠶᠢᠨ | 14 ᠤ ᠡᠳᠦᠷ᠂ ᠯᠢᠶᠠᠩᠴᠧᠩ ᠰᠢᠶᠠᠨ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ | ᠵᠡᠷᠭᠡ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯᠲᠠᠨ ᠳᠤ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠵᠦ᠂ ᠠᠵᠢᠯ | ᠡᠷᠭᠢᠯᠡᠭᠰᠡᠳ ᠤᠨ ᠠᠮᠤᠷ ᠲᠦᠪᠰᠢᠨ ᠤ ᠦᠵᠡᠯ ᠤᠬᠠᠮᠰᠠᠷ ᠪᠠ ᠠᠮᠤᠷ ᠲᠦᠪᠰᠢᠨ ᠤ ᠬᠡᠪ ᠪᠣᠯᠪᠠᠰᠤᠷᠠᠯ ᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠡᠯ᠎ᠡ ᠲᠥᠷᠥᠯ ᠤᠨ ᠠᠮᠤᠷ ᠲᠦᠪᠰᠢᠨ ᠤ ᠠᠶᠤᠯ | ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠪᠡ᠃ | ᠲᠣᠰ ᠤᠳᠠᠭᠠᠨ ᠤ ᠪᠣᠯᠪᠠᠰᠤᠷᠠᠯ ᠨᠢ 1 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠭᠤᠤᠯᠳᠠᠭᠤ ︽ | ᠭᠡᠨᠡᠳᠲᠡ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠢᠴᠢ ᠠᠪᠤᠷᠠᠨ ᠲᠤᠰᠠᠯᠠᠬᠤ︾᠂ ︽ | ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠤ ᠠᠮᠤᠷ ᠲᠦᠪᠰᠢᠨ ᠤ ᠲᠤᠰᠬᠠᠶ ᠰᠡᠳᠦᠪᠲᠦ ᠲᠠᠶᠢᠯᠤᠮᠵᠢ︾᠂ ︽ | ᠰᠤᠷᠭᠠᠭᠤᠯᠢ ᠶᠢᠨ ᠬᠦᠷᠢᠶᠡᠨ ᠤ ᠮᠡᠬᠡᠯᠡᠯ ᠢ ᠰᠡᠷᠭᠡᠶᠢᠯᠡᠬᠦ ᠲᠤᠰᠬᠠᠶ ᠰᠡᠳᠦᠪᠲᠦ ᠲᠠᠶᠢᠯᠤᠮᠵᠢ︾᠂ ︽ᠭᠠᠯ ᠤᠨᠲᠠᠷᠠᠭᠠᠬᠤ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ︾᠂ ︽ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ | ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ︾ ᠵᠡᠷᠭᠡ ᠶᠢᠨ ᠲᠣᠭᠤᠷᠢᠨ ᠳᠤ | ᠲᠠᠶᠢᠯᠤᠮᠵᠢ ᠬᠢᠪᠠ᠃ ᠡᠲᠡᠭᠡᠷ ᠲᠠᠶᠢᠯᠤᠮᠵᠢ ᠨᠢ ᠣᠳᠣᠬᠠᠨ ᠤ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠳᠤ | ᠲᠤᠯᠭᠠᠷᠠᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠭᠦᠨᠵᠡᠭᠡᠶ ᠵᠠᠳᠠᠯᠤᠭᠰᠠᠨ ᠢᠶᠠᠷ ᠪᠠᠷᠠᠬᠤ ᠥᠬᠡᠶ᠂ ᠪᠠᠰᠠ | ᠬᠡᠷᠡᠭᠯᠡᠭᠡᠨ ᠤ ᠠᠷᠭᠠᠴᠠᠬᠤ ᠠᠷᠭ᠎ᠠ ᠪᠣᠳᠣᠯᠭ᠎ᠠ ᠪᠠ ᠰᠢᠢᠳᠪᠦᠷᠢᠯᠡᠬᠦ ᠲᠥᠰᠦᠯ ᠢ ᠬᠠᠩᠭᠠᠵᠤ᠂ ᠠᠮᠤᠷ ᠲᠦᠪᠰᠢᠨ᠂ ᠡᠶ᠎ᠡ | ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠠᠶᠢᠭᠤᠯᠬᠤ ᠳᠤ ᠬᠦᠴᠦᠲᠡᠶ ᠳᠡᠮᠵᠢᠯᠭᠡ | ᠬᠠᠩᠭᠠᠭᠰᠠᠨ ᠪᠠᠶᠢᠨ᠎ᠠ᠃ | ᠯᠢᠶᠠᠩᠴᠧᠩ ᠰᠢᠶᠠᠨ ᠤ ᠵᠢᠦ ᠲᠠᠩ ᠬᠡᠦᠬᠡᠳ ᠤᠨ ᠴᠡᠴᠡᠷᠯᠢᠭ ᠤᠨ ᠳᠠᠷᠤᠭ᠎ᠠ ᠭᠦᠸᠧ ᠫᠧᠩ ᠪᠣᠯᠪᠠᠰᠤᠷᠠᠯ | ᠳᠠᠭᠤᠰᠤᠭᠰᠠᠨ ᠤ ᠳᠠᠷᠠᠭ᠎ᠠ᠄ ︽ᠲᠤᠰ ᠤᠳᠠᠭᠠᠨ ᠤ ᠠᠮᠤᠷ ᠲᠦᠪᠰᠢᠨ ᠤ ᠪᠣᠯᠪᠠᠰᠤᠷᠠᠯ ᠢᠶᠠᠷ ᠳᠠᠮᠵᠢᠨ | ᠰᠤᠷᠤᠯᠴᠠᠬᠤ ᠪᠠᠷ ᠳᠠᠮᠵᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭᠠᠲᠠᠨ ᠪᠣᠯᠬᠤ ᠡᠭᠦᠷᠭᠡ | ᠬᠠᠷᠢᠭᠤᠴᠠᠯᠭ᠎ᠠ ᠶᠢ ᠭᠦᠨᠵᠡᠭᠡᠢ ᠲᠠᠨᠢᠵᠤ ᠣᠯᠵᠠᠢ᠃ ᠠᠮᠤᠷ ᠲᠦᠪᠰᠢᠨ ᠤ ᠠᠵᠢᠯ ᠳᠤ ᠪᠠᠭ᠎ᠠ ᠶᠠᠪᠤᠳᠠᠯ ᠭᠡᠵᠦ ᠦᠭᠡᠢ᠂ | ᠬᠤᠶᠢᠰᠢᠳᠠ ᠶᠢᠨ ᠠᠵᠢᠯ ᠤᠨ ᠳᠤᠮᠳᠠ ᠪᠠᠨ ᠠᠮᠤᠷ ᠲᠦᠪᠰᠢᠨ ᠤ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ | ᠂ ᠡᠯ᠎ᠡ ᠵᠦᠢᠯ ᠤᠨ ᠠᠵᠢᠯ ᠢᠶᠠᠨ ᠪᠣᠳᠠᠲᠠᠢ ᠨᠠᠷᠢᠯᠢᠭ ᠬᠢᠵᠦ᠂ ᠬᠡᠦᠬᠡᠳ ᠤᠨ ᠠᠮᠤᠷ ᠲᠦᠪᠰᠢᠨ ᠢ ᠪᠠᠲᠤᠯᠠᠬᠤ ᠪᠣᠯᠤᠨ᠎ᠠ | ︾ ᠭᠡᠵᠦ ᠬᠡᠯᠡᠪᠡ᠃ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | |