ᠤᠯᠠᠭᠠᠨᠴᠠᠪ ᠬᠤᠲᠠ ᠶᠢᠨ ᠲᠥᠪ ᠡᠮᠨᠡᠯᠭᠡ ᠶᠢᠨ ᠬᠤᠷᠢᠶᠠᠨ ᠤ ᠲᠣᠭᠤᠷᠢᠨ ᠡᠮᠨᠡᠬᠦ ᠠᠩᠭᠢ ᠯᠢᠶᠠᠩᠴᠧᠩ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠴᠦ ︽ᠳᠤᠮᠳᠠᠳᠤ ᠤᠯᠤᠰ ᠤᠨ ᠵᠢᠷᠦᠬᠡᠨ ᠤ ᠲᠦᠭᠵᠢᠷᠡᠯ ᠤᠨ ᠠᠪᠤᠷᠠᠨ ᠵᠠᠰᠠᠬᠤ ᠡᠳᠦᠷ︾᠎ ᠤᠨ ᠭᠤᠣᠯ ᠰᠡᠳᠦᠪᠲᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/22
  ︽ᠳᠤᠮᠳᠠᠳᠤ ᠤᠯᠤᠰ ᠤᠨ 1120 ᠵᠢᠷᠦᠬᠡᠨ ᠤ ᠲᠦᠭᠵᠢᠷᠡᠯ ᠤᠨ ᠠᠪᠤᠷᠠᠨ ᠵᠠᠰᠠᠬᠤ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠣᠯᠠᠨ ᠨᠡᠶᠢᠲᠡ ᠶᠢᠨ ᠲᠦᠷᠭᠡᠨ ᠴᠢᠨᠠᠷᠲᠠᠢ ᠵᠢᠷᠦᠬᠡᠨ ᠪᠤᠯᠴᠢᠩ ᠤᠨ ᠲᠦᠭᠵᠢᠷᠡᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠵᠢᠷᠤᠮᠵᠢᠭᠤᠯᠤᠭᠰᠠᠨ ᠠᠪᠤᠷᠠᠨ ᠵᠠᠰᠠᠬᠤ ᠶᠠᠪᠤᠴᠠ ᠶᠢ ᠲᠦᠭᠡᠮᠡᠯᠵᠢᠭᠦᠯᠬᠦ ᠶᠢᠨ ᠲᠥᠯᠥᠭᠡ᠂ 11 ᠰᠠᠷ᠎ᠠ ᠶᠢᠨ 20᠎ ᠤ ᠡᠳᠦᠷ᠂ ᠤᠯᠠᠭᠠᠨᠴᠠᠪ ᠬᠤᠲᠠ ᠶᠢᠨ ᠲᠥᠪ ᠡᠮᠨᠡᠯᠭᠡ ᠶᠢᠨ ᠬᠤᠷᠢᠶᠠᠨ ᠤ ᠲᠣᠭᠤᠷᠢᠨ ᠪᠠᠶᠢᠴᠠᠭᠠᠬᠤ ᠡᠮᠴᠢᠯᠡᠭᠡᠨ ᠤ ᠠᠩᠭᠢ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠶᠡᠭᠡ ᠲᠢᠩᠬᠢᠮ ᠳᠤ ︽ᠰᠡᠳᠬᠢᠯ ᠤᠨ ᠲᠦᠭᠵᠢᠷᠡᠯ ᠤᠨ ᠲᠥᠪ ᠴᠢᠩᠭ᠎ᠠ ᠤᠲᠠᠰᠤᠳᠠᠵᠤ᠂ ᠴᠡᠭᠡᠵᠢ ᠡᠪᠡᠳᠬᠦ ᠲᠥᠪ ᠤᠨ ᠲᠦᠷᠭᠡᠨ ᠠᠪᠤᠷᠠᠬᠤ︾ ᠭᠤᠤᠯ ᠰᠡᠳᠦᠪᠲᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠰᠠᠭᠤᠨ ᠪᠠᠶᠢᠴᠠᠭᠠᠬᠤ ᠪᠠᠷ ᠢᠷᠡᠭᠰᠡᠨ ᠰᠠᠭᠤᠭᠠᠯᠢ ᠠᠷᠠᠳ ᠲᠠᠰᠤᠷᠠᠯᠳᠡ ᠦᠭᠡᠢ ᠣᠯᠠᠰᠢᠷᠠᠵᠤ᠂ ᠡᠮᠨᠡᠯᠭᠡ ᠶᠢᠨ ᠠᠵᠢᠯᠲᠠᠳ ᠰᠠᠭᠤᠭᠠᠯᠢ ᠠᠷᠠᠳ ᠤᠨ ᠴᠢᠰᠤᠨ ᠳᠠᠷᠤᠯᠲᠠ᠂ ᠴᠢᠰᠤᠨ ᠰᠢᠬᠢᠷ ᠵᠡᠷᠭᠡ ᠶᠢ ᠬᠡᠮᠵᠢᠵᠦ᠂ ᠵᠢᠷᠦᠬᠡᠨ ᠤ ᠲᠦᠭᠵᠢᠷᠡᠯ ᠤᠨ ᠬᠤᠯᠪᠣᠭᠳᠠᠯ ᠪᠦᠬᠦᠢ ᠮᠡᠳᠡᠯᠭᠡ᠂ ᠲᠦᠷᠭᠡᠨ ᠠᠪᠤᠷᠠᠨ ᠵᠠᠰᠠᠬᠤ ᠠᠷᠭ᠎ᠠ ᠶᠢ ᠲᠠᠶᠢᠯᠪᠤᠷᠢᠯᠠᠪᠠ᠃ ᠰᠠᠭᠤᠭᠠᠯᠢ ᠠᠷᠠᠳ ᠲᠤ ᠲᠦᠷᠭᠡᠨ ᠠᠪᠤᠷᠠᠬᠤ ᠤᠷ᠎ᠠ ᠴᠢᠳᠠᠪᠤᠷᠢ ᠶᠢ ᠨᠠᠩ ᠰᠢᠭᠤᠳ ᠡᠵᠡᠮᠰᠢᠭᠦᠯᠬᠦ ᠶᠢᠨ ᠲᠥᠯᠥᠭᠡ᠂ ᠪᠠᠰᠠ ᠲᠤᠬᠠᠶ ᠶᠢᠨ ᠲᠠᠯᠠᠪᠤᠷ ᠲᠤ ᠵᠢᠷᠦᠬᠡ ᠠᠭᠤᠰᠬᠢᠨ ᠤ ᠰᠡᠷᠭᠦᠭᠡᠯᠲᠡ ᠶᠢᠨ ᠲᠦᠷᠭᠡᠨ ᠠᠪᠤᠷᠠᠯᠲᠠ ᠶᠢᠨ ᠤᠷ᠎ᠠ ᠴᠢᠳᠠᠪᠤᠷᠢ ᠶᠢᠨ ᠦᠵᠡᠭᠦᠯᠦᠯᠭᠡ ᠬᠢᠭᠰᠡᠨ ᠪᠥᠭᠡᠳ ᠠᠵᠢᠯᠯᠠᠭᠠᠨ ᠤ ᠠᠷᠭ᠎ᠠ ᠵᠠᠮ ᠢ ᠲᠠᠶᠢᠯᠪᠤᠷᠢᠯᠠᠨ ᠥᠭᠴᠦ᠂ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠡᠳᠦᠷ ᠲᠤᠲᠤᠮ ᠤᠨ ᠠᠮᠢᠳᠤᠷᠠᠯ ᠤᠨ ᠳᠤᠮᠳᠠ ᠥᠪᠡᠷ ᠤᠨ ᠪᠡᠶ᠎ᠡ ᠶᠢᠨ ᠪᠠᠶᠢᠳᠠᠯ ᠢᠶᠠᠨ ᠢᠯᠡᠭᠦᠬᠡᠨ ᠠᠵᠢᠭᠯᠠᠭᠤᠯᠵᠤ᠂ ᠡᠷᠲᠡ ᠢᠯᠡᠷᠡᠭᠦᠯᠬᠦ᠂ ᠡᠷᠲᠡ ᠰᠡᠷᠭᠡᠶᠢᠯᠡᠬᠦ᠂ ᠡᠷᠲᠡ ᠡᠮᠨᠡᠨ ᠵᠠᠰᠠᠬᠤ ᠡᠷᠡᠭᠦᠯ ᠮᠡᠨᠳᠦ ᠶᠢᠨ ᠵᠠᠷᠴᠢᠮ ᠢ ᠵᠢᠷᠤᠮᠯᠠᠭᠤᠯᠪᠠ᠃ ᠡᠩ ᠤᠨ ᠦᠶ᠎ᠡ ᠳᠤ ᠴᠡᠭᠡᠵᠢ ᠪᠠᠴᠢᠮᠳᠠᠨ ᠰᠠᠨᠳᠤᠷᠴᠤ᠂ ᠥᠨᠥ ᠶᠠᠭ ᠡᠮᠨᠡᠯᠭᠡ ᠶᠢᠨ ᠬᠤᠷᠢᠶᠠᠨ ᠳᠤ ᠣᠴᠢᠵᠤ ᠰᠦᠢᠳᠭᠡᠯ ᠬᠤᠷᠢᠶᠠᠬᠤ ᠦᠭᠡᠢ ᠪᠠᠷ ᠬᠥᠳᠡᠯᠭᠡᠭᠡᠨ ᠬᠢᠨ᠎ᠡ᠂ ᠪᠢ ᠠᠳᠡ ᠵᠢᠷᠦᠬᠡᠨ ᠤ ᠯᠤᠭᠰᠢᠯᠲᠠ ᠶᠢᠨ ᠵᠢᠷᠤᠭ ᠪᠢᠴᠢᠵᠦ ᠪᠠᠶᠢᠨ᠎ᠠ᠂ ᠡᠮᠴᠢ ᠬᠡᠯᠡᠭᠰᠡᠨ ᠴᠢᠨᠢ ᠬᠠᠮᠢᠶ᠎ᠠ ᠦᠭᠡᠢ᠂ ᠡᠮ ᠤᠤᠭᠤᠭᠠᠳ ᠲᠣᠬᠢᠷᠠᠭᠤᠯᠤᠯᠲᠠ ᠬᠢᠵᠡᠶ᠂ ᠡᠨᠡ ᠪᠣᠯ ᠠᠷᠠᠳ ᠣᠯᠠᠨ ᠳᠤ ᠶᠡᠭᠡ ᠰᠠᠶᠢᠨ ᠶᠤᠮ᠂ ᠪᠦᠷ ᠰᠦᠢᠳᠬᠡᠯ ᠬᠤᠷᠢᠶᠠᠬᠤ ᠦᠭᠡᠢ ᠪᠠᠷ ᠪᠢᠳᠡᠨ ᠳᠤ ᠪᠠᠶᠢᠴᠠᠭᠠᠯᠲᠠ ᠬᠢᠵᠦ᠂ ᠡᠮᠴᠢ ᠶᠢᠨ ᠦᠢᠯᠡᠴᠢᠯᠡᠭᠡᠨ ᠤ ᠣᠪᠣᠷ ᠮᠠᠰᠢ ᠰᠠᠶᠢᠨ ᠪᠠᠶᠢᠨ᠎ᠠ︾ ᠭᠡᠪᠡ᠃ ᠬᠤᠨ ᠮᠣᠣ ᠪᠠᠯᠭᠠᠰᠤᠨ ᠤ ᠵᠢᠦ ᠲᠠᠩ ᠵᠠᠰᠠᠭ ᠵᠠᠬᠢᠷᠭᠠᠨ ᠤ ᠲᠣᠰᠬᠤᠨ ᠤ ᠰᠠᠭᠤᠭᠠᠯᠢ ᠠᠷᠠᠳ ᠴᠧᠨ ᠯᠢ ᠮᠢᠨ ᠬᠡᠯᠡᠪᠡ᠃ ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠲᠦᠷᠭᠡᠨ ᠴᠢᠨᠠᠷᠲᠠᠶ ᠵᠢᠷᠦᠬᠡᠨ ᠲᠦᠭᠵᠢᠷᠡᠯ ᠢ ᠠᠪᠤᠷᠠᠨ ᠵᠠᠰᠠᠬᠤ ᠶᠢᠨ ᠴᠢᠬᠤᠯᠠ ᠴᠢᠨᠠᠷ ᠢ ᠤᠯᠠᠮ ᠨᠢᠭᠡ ᠠᠯᠬᠤᠮ ᠣᠶᠢᠯᠠᠭᠠᠭᠤᠯᠬᠤ ᠪᠥᠭᠡᠳ ᠪᠠᠰᠠ ︽1120 ᠵᠢᠷᠦᠬᠡᠨ ᠤ ᠲᠦᠭᠵᠢᠷᠡᠯ ᠤᠨ ᠠᠪᠤᠷᠠᠨ ᠵᠠᠰᠠᠬᠤ ᠡᠳᠦᠷ︾᠎ ᠤᠨ ᠣᠨᠣᠯᠵᠢᠬᠤᠨ ᠢ ᠤᠬᠠᠭᠤᠯᠤᠨ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠲᠦᠷᠭᠡᠨ ᠴᠢᠨᠠᠷᠲᠠᠶ ᠴᠡᠭᠡᠵᠢ ᠡᠪᠡᠳᠬᠦ ᠦᠶ᠎ᠡ ᠶᠢᠨ ᠲᠦᠷᠭᠡᠨ ᠠᠪᠤᠷᠠᠯᠳᠠ ᠶᠢᠨ ᠮᠡᠳᠡᠯᠭᠡ ᠶᠢᠨ ᠨᠥᠭᠡᠴᠡ ᠶᠢ ᠪᠠᠶᠠᠯᠢᠭᠵᠢᠭᠤᠯᠤᠨ᠂ ᠣᠯᠠᠨ ᠢ ᠬᠥᠮᠦᠵᠢᠭᠦᠯᠦᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠦᠨᠳᠦᠰᠦᠨ ᠤᠷ᠎ᠠ ᠴᠢᠳᠠᠪᠤᠷᠢ ᠶᠢ ᠡᠵᠡᠮᠰᠢᠭᠦᠯᠵᠦ᠂ ᠰᠠᠭᠤᠭᠠᠯᠢ ᠠᠷᠠᠳ ᠢ ᠭᠡᠨᠡᠳᠲᠡ ᠡᠭᠦᠰᠬᠦ ᠴᠡᠭᠡᠵᠢ ᠡᠪᠡᠳᠬᠦ ᠦᠶ᠎ᠡ ᠳᠤ ᠨᠠᠩ ᠯᠠᠪᠳᠠᠭᠤᠨ ᠲᠣᠭᠲᠠᠭᠤᠨ ᠪᠥᠭᠡᠳ ᠪᠦᠲᠦᠮᠵᠢᠲᠡᠶ ᠪᠠᠷ ᠠᠷᠭᠠᠴᠠᠭᠤᠯᠪᠠ᠃                                     ᠨᠠᠶᠢᠷᠠᠭᠤᠯᠤᠭᠴᠢ᠄   ᠶᠠᠩ  ᠿᠦᠢ ᠵᠧᠨ                                     ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2