ᠪᠦᠬᠦ ᠬᠤᠲᠠ ᠶᠢᠨ ᠬᠡᠦᠬᠡᠳ ᠤᠨ ᠴᠡᠴᠡᠷᠯᠢᠭ ᠤᠨ ᠲᠣᠭᠤᠷᠢᠨ ᠦᠵᠡᠬᠦ ᠪᠠ ᠰᠣᠯᠢᠯᠴᠠᠬᠤ ᠠᠵᠢᠯᠯᠠᠭ᠎ᠠ ᠨᠢ ᠯᠢᠶᠠᠩᠴᠧᠩ ᠰᠢᠶᠠᠨ ᠤ ᠨᠢᠭᠡᠳᠦᠭᠡᠷ ᠬᠡᠦᠬᠡᠳ ᠤᠨ ᠴᠡᠴᠡᠷᠯᠢᠭ ᠲᠤ ᠭᠦᠨᠵᠡᠭᠡᠢᠷᠡᠨ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/11/22
   ᠵᠢᠱᠢᠶ᠎ᠡ ᠦᠵᠡᠭᠦᠯᠬᠦ ᠬᠡᠦᠬᠡᠳ ᠤᠨ ᠴᠡᠴᠡᠷᠯᠢᠭ ᠤᠨ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠴᠡᠴᠡᠷᠯᠢᠭ ᠤᠨ ᠬᠤᠭᠤᠷᠣᠨᠳᠣᠬᠢ ᠭᠦᠨᠵᠡᠭᠡᠢ ᠰᠤᠷᠤᠯᠴᠠᠯᠭ᠎ᠠ ᠪᠠ ᠰᠣᠯᠢᠯᠴᠠᠭ᠎ᠠ ᠶᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 19᠎ ᠤ ᠡᠳᠦᠷ᠂ ᠤᠯᠠᠭᠠᠨᠴᠠᠪ ᠬᠤᠲᠠ ᠶᠢᠨ ᠡᠯ᠎ᠡ  ᠬᠤᠰᠢᠭᠤ ᠰᠢᠶᠠᠨ ︵ᠬᠤᠲᠠ ᠲᠣᠭᠤᠷᠢᠭ︶᠎ ᠶᠢᠨ ᠬᠡᠦᠬᠡᠳ ᠤᠨ ᠴᠡᠴᠡᠷᠯᠢᠭ ᠤᠨ 100 ᠭᠠᠷᠤᠢ  ᠪᠠᠭᠰᠢ ᠯᠢᠶᠠᠩᠴᠧᠩ ᠰᠢᠶᠠᠨ ᠤ ᠨᠢᠭᠡᠳᠦᠭᠡᠷ ᠬᠡᠦᠬᠡᠳ ᠤᠨ ᠴᠡᠴᠡᠷᠯᠢᠭ ᠲᠤ ᠭᠦᠨᠵᠡᠭᠡᠢᠷᠡᠨ ᠲᠣᠭᠤᠷᠢᠨ ᠦᠵᠡᠵᠦ ᠰᠣᠯᠢᠯᠴᠠᠭ᠎ᠠ ᠬᠢᠪᠡ᠃    ᠯᠢᠶᠠᠩᠴᠧᠩ ᠰᠢᠶᠠᠨ ᠤ ᠨᠢᠭᠡᠳᠦᠭᠡᠷ ᠬᠡᠦᠬᠡᠳ ᠤᠨ ᠴᠡᠴᠡᠷᠯᠢᠭ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠱᠢᠶ᠎ᠡ ᠦᠵᠡᠭᠦᠯᠬᠦ ᠬᠡᠦᠬᠡᠳ ᠤᠨ ᠴᠡᠴᠡᠷᠯᠢᠭ ᠪᠣᠯᠤᠭᠰᠠᠨ ᠤ ᠬᠤᠪᠢ ᠳᠤ᠂ ︽ᠰᠣᠶᠣᠯ ᠢᠶᠠᠷ ᠬᠥᠮᠥᠨ︾᠎ ᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠯᠢᠶᠠᠩᠴᠧᠩ ᠤᠨ ᠨᠤᠲᠤᠭ ᠤᠨ ᠠᠭᠤᠯᠠ ᠤᠰᠤᠨ ᠤ ᠰᠣᠶᠣᠯ ᠤᠨ ᠣᠬᠢ ᠰᠣᠳᠣ ᠶᠢ ᠭᠦᠨᠵᠡᠭᠡᠢ ᠠᠭᠤᠳᠠᠯᠵᠤ᠂ ᠥᠪᠡᠷᠮᠢᠴᠡ ᠣᠨᠴᠠᠯᠢᠭ ᠲᠠᠢ ᠬᠢᠴᠢᠶᠡᠯ ᠤᠨ ᠰᠢᠰᠲ᠋ᠧᠮ ᠢ ᠪᠠᠶᠢᠭᠤᠯᠪᠠ᠃ ᠠᠷᠠᠳ ᠤᠨ ᠠᠮᠠᠨ ᠦᠯᠢᠭᠡᠷ᠂ ᠠᠷᠠᠳ ᠤᠨ ᠠᠮᠠᠨ ᠲᠤᠭᠯᠠᠭᠠᠮ᠂ ᠬᠡᠦᠬᠡᠳ ᠤᠨ ᠳᠠᠭᠤᠤ ᠪᠠ ᠳᠠᠭᠤᠤ ᠶᠢ ᠥᠷᠭᠡᠨ ᠢᠶᠠᠷ ᠴᠤᠭᠯᠠᠭᠤᠯᠬᠤ ᠪᠠᠷ ᠳᠠᠮᠵᠢᠭᠤᠯᠤᠨ᠂ ︽ᠠᠭᠤᠯᠠ ᠤᠰᠤᠨ ᠤ ᠯᠢᠶᠠᠩᠴᠧᠩ︾ ᠣᠷᠣᠨ ᠤ ᠰᠣᠶᠣᠯ ᠢ ᠬᠡᠦᠬᠡᠳ ᠤᠨ ᠨᠢᠭᠡ ᠡᠳᠦᠷ ᠤᠨ ᠰᠤᠷᠭᠠᠨ ᠬᠥᠮᠦᠵᠢᠯ ᠳᠤ ᠠᠭᠤᠰᠬᠠᠵᠤ᠂ ᠬᠡᠦᠬᠡᠳ ᠤᠳ ᠲᠤ ᠰᠣᠨᠢᠷᠬᠠᠯᠲᠠᠶ ᠮᠥᠷᠲᠡᠭᠡᠨ ᠰᠡᠩᠬᠡᠷᠡᠭᠦᠯᠬᠦ ᠠᠴᠢ ᠬᠤᠯᠪᠣᠭᠳᠠᠯ ᠲᠠᠢ ᠰᠤᠷᠤᠯᠴᠠᠬᠤ ᠣᠷᠴᠢᠨ ᠲᠣᠭᠤᠷᠢᠨ ᠢ ᠪᠣᠶ ᠪᠣᠯᠭᠠᠵᠤ ᠥᠭᠴᠡᠶ᠃ ᠲᠣᠭᠤᠷᠢᠨ ᠦᠵᠡᠬᠦ ᠶᠠᠪᠤᠴᠠ ᠳᠤ᠂ ᠬᠤᠷᠠᠯ ᠳᠤ ᠣᠷᠣᠯᠴᠠᠭᠰᠠᠨ ᠬᠡᠦᠬᠡᠳ ᠤᠨ ᠴᠡᠴᠡᠷᠯᠢᠭ ᠤᠨ ᠮᠡᠳᠡᠯᠭᠡ ᠶᠢ ᠤᠯᠠᠮᠵᠢᠯᠠᠨ ᠵᠢᠭᠠᠬᠤ ᠪᠠ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠵᠡᠷᠭᠡ ᠪᠠᠷ ᠴᠢᠬᠤᠯᠠᠴᠢᠯᠠᠭᠰᠠᠨ ᠠᠷᠭ᠎ᠠ ᠬᠢᠳᠡᠯ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ᠃    ᠲᠣᠰ ᠤᠳᠠᠭᠠᠨ ᠤ ᠲᠣᠭᠤᠷᠢᠨ ᠦᠵᠡᠵᠦ ᠰᠣᠯᠢᠯᠴᠠᠬᠤ ᠠᠵᠢᠯᠯᠠᠭ᠎ᠠ ᠨᠢ ᠯᠢᠶᠠᠩᠴᠧᠩ ᠰᠢᠶᠠᠨ ᠤ ᠨᠢᠭᠡᠳᠦᠭᠡᠷ ᠬᠡᠤᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠪᠠ ᠰᠣᠶᠣᠯ ᠤᠨ ᠤᠯᠠᠮᠵᠢᠯᠠᠯ ᠤᠨ ᠲᠠᠯ᠎ᠠ ᠪᠠᠷ ᠬᠢ ᠦᠷ᠎ᠡ ᠪᠦᠲᠦᠭᠡᠯ ᠪᠠ ᠲᠤᠷᠰᠢᠯᠭ᠎ᠠ ᠶᠢ ᠳᠡᠯᠭᠡᠨ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠪᠥᠬᠦ ᠬᠤᠲᠠ ᠶᠢᠨ ᠬᠡᠤᠬᠡᠳ ᠤᠨ ᠰᠤᠷᠭᠠᠨ ᠬᠥᠮᠦᠵᠢᠯ ᠤᠨ ᠪᠠᠭᠰᠢ ᠳᠤ ᠡᠷᠬᠢᠮ ᠨᠠᠨᠳᠢᠨ ᠰᠤᠷᠤᠯᠴᠠᠯᠭ᠎ᠠ ᠪᠠ ᠰᠣᠯᠢᠯᠴᠠᠭᠠᠨ ᠤ ᠲᠣᠬᠢᠶᠠᠯ ᠬᠠᠩᠭᠠᠭᠰᠠᠨ ᠪᠠᠶᠢᠨ᠎ᠠ᠃ ᠤᠯᠠᠭᠠᠨᠴᠠᠪ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠬᠡᠦᠬᠡᠳ ᠤᠨ ᠰᠤᠷᠭᠠᠨ ᠬᠥᠮᠦᠵᠢᠯ ᠤᠨ ᠺᠠᠳ᠋ᠷ ᠪᠢᠶᠠᠨ ᠰᠣ᠋ ᠢᠦᠶ ᠡᠶᠢᠮᠦ ᠨᠢᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠨ ᠤ ᠬᠡᠦᠬᠡᠳ ᠤᠨ ᠰᠤᠷᠭᠠᠨ ᠬᠥᠮᠦᠵᠢᠯ ᠢ ᠨᠢᠭᠡ ᠲᠣᠬᠢᠶᠠᠯ ᠲᠠᠢ ᠪᠣᠯᠭᠠᠬᠤ ᠪᠥᠭᠡᠳ ᠨᠢᠭᠡ ᠠᠵᠠ ᠲᠣᠬᠢᠶᠠᠯ ᠲᠠᠢ᠂ ᠬᠠᠮᠲᠤ ᠪᠠᠷ ᠰᠤᠷᠤᠯᠴᠠᠵᠤ ᠬᠠᠮᠲᠤ ᠪᠠᠷ ᠳᠠᠪᠰᠢᠬᠤ᠂ ᠨᠢᠭᠡᠳᠦᠭᠡᠷ ᠬᠤᠭᠤᠴᠠᠭᠠᠨ ᠤ ᠭᠤᠤᠯ ᠰᠡᠳᠦᠪ ᠪᠣᠯ ︿ᠨᠢᠯᠬᠠᠰ﹀᠎ ᠤᠨ ᠳᠤᠷ᠎ᠠ ᠰᠣᠨᠢᠷᠬᠠᠯ ᠲᠠᠢ ᠬᠤᠯᠪᠣᠵᠤ᠂ ︿ᠨᠢᠯᠬᠠᠰ﹀᠎ ᠤᠨ ᠡᠳᠦᠷ ᠪᠣᠯᠵᠤᠭ᠎ᠠ ᠲᠠᠢ᠂ ᠬᠡᠦᠬᠡᠳ ᠤᠨ ᠰᠤᠷᠭᠠᠨ ᠬᠥᠮᠦᠵᠢᠯ ᠤᠨ ᠬᠠᠮᠲᠤ ᠬᠥᠮᠦᠰ ᠡᠨᠡ ᠬᠦ ᠲᠠᠪᠴᠠᠩ ᠳᠡᠭᠡᠷ᠎ᠡ ᠬᠠᠷᠢᠯᠴᠠᠨ ᠵᠥᠪᠳᠡᠯᠴᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ᠃                                   ᠨᠠᠶᠢᠷᠠᠭᠤᠯᠤᠭᠴᠢ᠄   ᠶᠠᠩ  ᠿᠦᠢ ᠵᠧᠨ                                   ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2