︽ᠣᠷᠣᠯᠭ᠎ᠠ ᠪᠠᠭᠠᠲᠠᠶ ᠡᠮᠡᠭᠲᠡᠶᠢᠴᠦᠳ ᠤᠨ ︿ᠬᠤᠶᠠᠷ ᠥᠮᠡᠨ﹀ ᠤ ᠠᠪᠤᠷᠠᠨ ᠲᠤᠰᠠᠯᠠᠬᠤ︾ ᠲᠥᠷᠥᠯ ᠵᠦᠢᠯ ᠢ | ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠳᠤᠮᠳᠠᠳᠤ ᠤᠯᠤᠰ ᠤᠨ ᠡᠮᠡᠭᠲᠡᠶᠢᠴᠦᠳ ᠤᠨ | ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠬᠤᠯᠪᠣᠭᠠᠲᠤ ᠬᠤᠷᠠᠯ ᠠᠴᠠ ᠡᠬᠢᠯᠡᠭᠦᠯᠵᠦ᠂ ᠲᠥᠪ ᠤᠨ | ᠲᠤᠰᠬᠠᠶ ᠵᠦᠢᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠᠷ ᠳᠡᠮᠵᠢᠯᠭᠡ ᠪᠣᠯᠭᠠᠵᠤ᠂ | ᠣᠷᠣᠯᠭ᠎ᠠ ᠪᠠᠭᠠᠲᠠᠶ ︽ᠬᠤᠶᠠᠷ ᠥᠮᠡᠨ︾ ᠤ ᠡᠪᠡᠳᠴᠢᠨ ᠲᠠᠢ ᠡᠮᠡᠭᠲᠡᠶᠢᠴᠦᠳ ᠢ ᠠᠪᠤᠷᠠᠨ ᠲᠤᠰᠠᠯᠠᠬᠤ ᠨᠢ | ᠣᠷᠣᠯᠭ᠎ᠠ ᠪᠠᠭᠠᠲᠠᠶ ︽ᠰᠠᠪᠠᠨ ᠬᠦᠵᠦᠭᠦᠨ ᠤ ᠦᠮᠡᠨ︾ ᠲᠠᠢ ᠡᠮᠡᠭᠲᠡᠶᠢᠴᠦᠳ ᠲᠤ ᠬᠠᠪᠰᠤᠷᠤᠯᠭ᠎ᠠ ᠦᠵᠡᠭᠦᠯᠵᠦ᠂ | ᠡᠪᠡᠳᠴᠢᠲᠡᠨ ᠤ ᠠᠵᠤ ᠠᠬᠤᠶ ᠶᠢᠨ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠥᠭᠡ ᠶᠤᠮ᠃ ᠣᠶᠢᠷ᠎ᠠ ᠶᠢᠨ ᠵᠢᠯ ᠳᠤ᠂ | ᠯᠢᠶᠠᠩᠴᠧᠩ ᠰᠢᠶᠠᠨ ︽ᠬᠤᠶᠠᠷ ᠥᠮᠡᠨ︾ ᠢ ᠠᠪᠤᠷᠠᠨ ᠲᠤᠰᠠᠯᠠᠬᠤ ᠠᠵᠢᠯ ᠢ ᠨᠠᠶᠢᠳᠠᠪᠤᠷᠢᠵᠢᠭᠤᠯᠬᠤ ᠶᠢ ᠠᠷᠠᠳ ᠤᠨ | ᠲᠥᠯᠥᠭᠡ ᠪᠣᠳᠠᠲᠠᠶ ᠠᠵᠢᠯ ᠬᠢᠬᠦ ᠲᠥᠷᠥᠯ ᠵᠤᠶᠢᠯ ᠤᠨ ᠨᠢᠭᠡ ᠳᠤ ᠣᠷᠣᠭᠤᠯᠵᠤ᠂ ᠥᠷᠭᠡᠨ ᠢᠶᠠᠷ ᠤᠬᠠᠭᠤᠯᠬᠤ᠂ | ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ᠂ ︽ᠬᠤᠶᠠᠷ ᠥᠮᠡᠨ︾ ᠢ ᠰᠢᠭᠰᠢᠨ ᠪᠠᠶᠢᠴᠠᠭᠠᠭᠰᠠᠨ ᠦᠷ᠎ᠡ | ᠳ᠋ᠦᠩ ᠢ ᠮᠥᠷᠳᠡᠬᠦ ᠵᠡᠷᠭᠡ ᠠᠷᠭ᠎ᠠ ᠬᠡᠮᠵᠢᠶ᠎ᠡ ᠠᠪᠴᠤ᠂ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠬᠦᠴᠢᠷᠳᠡᠯᠲᠡᠶ | ᠡᠮᠡᠭᠲᠡᠶᠢᠴᠦᠳ ᠤᠨ ᠬᠠᠷᠢᠭᠤ ᠮᠡᠳᠡᠭᠦᠯᠬᠦ ᠶᠣᠰᠣᠲᠠᠶ ᠶᠢ ᠨᠢ ᠪᠦᠬᠦᠨ ᠢ ᠮᠡᠳᠡᠭᠦᠯᠬᠦ ᠶᠢ ᠦᠨᠡᠨ ᠬᠦ ᠪᠠᠲᠤᠯᠠᠪᠠ᠃ | 2015 ᠣᠨ ᠠᠴᠠ ᠨᠠᠰᠢ᠂ ᠲᠣᠰ ᠲᠥᠷᠥᠯ ᠵᠤᠶᠢᠯ ᠨᠢ ᠪᠥᠬᠦ ᠰᠢᠶᠠᠨ ᠤ ᠣᠷᠣᠯᠭ᠎ᠠ ᠪᠠᠭᠠᠲᠠᠶ 289 ︽ᠬᠦᠬᠦᠨ | ᠪᠤᠯᠴᠢᠷᠬᠠᠢ ᠶᠢᠨ ᠥᠮᠡᠨ ᠵᠢᠴᠢ ᠰᠠᠪᠠᠨ ᠬᠦᠵᠦᠬᠦᠨ ᠤ ᠦᠮᠡᠨ︾ ᠳᠤ ᠨᠡᠷᠪᠡᠭᠳᠡᠭᠰᠡᠨ ᠡᠮᠡᠭᠲᠡᠶᠢᠴᠦᠳ ᠲᠤ ᠠᠰᠢᠭ | ᠬᠦᠷᠲᠡᠭᠡᠵᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠡᠷᠡᠭᠴᠡᠭᠡ ᠪᠥᠬᠦᠶ ᠬᠦᠴᠢᠷᠳᠡᠯ ᠳᠤ | ᠲᠤᠯᠭᠠᠷᠠᠭᠰᠠᠨ ᠡᠮᠡᠭᠲᠡᠶᠢᠴᠦᠳ ᠲᠤ ᠦᠨᠡᠨ ᠬᠦ ᠬᠦᠷᠭᠡᠪᠡ᠃ ᠣᠷᠣᠯᠭ᠎ᠠ ᠪᠠᠭᠠᠲᠠᠶ ᠡᠮᠡᠭᠲᠡᠶᠢᠴᠦᠳ ᠤᠨ ︽ᠬᠤᠶᠠᠷ | ᠥᠮᠡᠨ︾ ᠢ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠶᠢᠨ | ᠡᠳᠦᠷ ᠤᠳ ᠲᠤ᠂ ᠯᠢᠶᠠᠩᠴᠧᠩ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠡᠯ᠎ᠡ ᠰᠢᠶᠠᠩ ᠪᠠᠯᠭᠠᠰᠤᠨ ᠳᠤ | ᠭᠦᠨᠵᠡᠭᠡᠶᠢᠷᠡᠨ ︽ᠬᠤᠶᠠᠷ ᠥᠮᠡᠨ︾ ᠤ ᠡᠮᠡᠭᠲᠡᠶᠢᠴᠦᠳ ᠤᠨ ᠬᠠᠷᠢᠭᠤ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ᠃ | ᠵᠢᠷᠭᠤᠳᠤᠭᠠᠷ ᠰᠤᠮᠤ ᠪᠠᠯᠭᠠᠰᠤ ᠪᠣᠯᠤᠨ ᠱᠧᠩ ᠵᠤᠸᠠᠩ ᠶᠡᠭᠡ ᠠᠩᠬᠢ ᠶᠢᠨ ᠰᠢᠨ᠎ᠡ ᠬᠥᠳᠡᠭᠡ ᠲᠣᠰᠬᠤᠨ ᠤ ᠠᠷᠠᠳ | ᠵᠤᠤ ᠠᠢ ᠰᠢᠶᠠᠨ ᠤ ᠭᠡᠷ ᠲᠤ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯᠲᠠᠳ ᠵᠤᠤ ᠠᠢ ᠰᠢᠶᠠᠨ ᠤ | ᠣᠳᠣᠬᠠᠨ ᠤ ᠪᠡᠶ᠎ᠡ ᠮᠠᠬᠠᠪᠣᠳ ᠤᠨ ᠪᠠᠶᠢᠳᠠᠯ᠂ ᠭᠡᠷ ᠪᠦᠯᠢ ᠶᠢᠨ ᠣᠷᠣᠯᠭ᠎ᠠ ᠵᠡᠷᠭᠡ ᠪᠠᠶᠢᠳᠠᠯ ᠢ ᠨᠠᠷᠢᠨ ᠠᠰᠠᠭᠤᠨ | ᠯᠠᠪᠯᠠᠭᠰᠠᠨ ᠪᠥᠭᠡᠳ ᠨᠠᠷᠢᠨ ᠨᠢᠮᠪᠠᠢ ᠪᠡᠯᠡᠳᠬᠡᠭᠰᠡᠨ ᠲᠣᠬᠤᠨᠢᠭᠤᠯᠬᠤ ᠪᠣᠳᠠᠰ ᠢ ᠲᠡᠭᠦᠨ ᠤ ᠭᠠᠷ ᠲᠤ ᠬᠦᠷᠭᠡᠪᠡ᠃ | ᠡᠭᠦᠨ ᠤ ᠬᠠᠮᠲᠤ ᠲᠡᠭᠦᠨ ᠢ ᠢᠳᠡᠪᠬᠢᠲᠡᠢ ᠠᠮᠢᠳᠤᠷᠠᠯ ᠤᠨ ᠣᠪᠣᠷ ᠢᠶᠠᠨ ᠪᠠᠷᠢᠮᠲᠠᠯᠠᠵᠤ᠂ ᠠᠮᠢᠳᠤᠷᠠᠯ ᠳᠠᠭᠠᠨ ᠡᠷᠡᠰ | ᠪᠠᠲᠤ ᠬᠠᠨᠳᠤᠬᠤ ᠬᠡᠷᠡᠭᠲᠡᠢ ᠭᠡᠵᠦ ᠵᠣᠷᠢᠭᠵᠢᠭᠤᠯᠪᠠ᠃ 2014 ᠣᠨ ᠳᠤ᠂ ᠵᠣᠣ ᠠᠢ ᠱᠢᠶᠠᠩ ᠰᠠᠪᠠᠨ ᠤ | ᠬᠦᠵᠦᠭᠦᠨ ᠤ ᠥᠮ ᠠ ᠳᠤ ᠨᠡᠷᠪᠡᠭ ᠳᠡᠭᠰᠡᠨ ᠤ ᠳᠠᠷᠠᠭ᠎ᠠ᠂ ᠡᠮᠨᠡᠯᠭᠡ ᠶᠢᠨ ᠬᠤᠷᠢᠶ᠎ᠠ ᠭᠦᠶᠦᠬᠦ ᠨᠢ ᠡᠩ ᠤᠨ | ᠬᠤᠭᠤᠯᠠ ᠪᠣᠯᠵᠤ᠂ ᠠᠮᠢᠳᠤᠷᠠᠯ ᠳᠤ ᠴᠤ᠋ ᠢᠲᠡᠭᠡᠯ ᠠᠯᠳᠠᠵᠠᠢ᠃ ᠡᠨᠡ ᠬᠦ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ | ᠪᠠᠯᠭᠠᠰᠤ ᠰᠢᠶᠠᠨ ᠬᠤᠶᠠᠷ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯᠲᠠᠳ ᠵᠣᠣ ᠠᠶ | ᠰᠢᠶᠠᠨ ᠤ ᠬᠡᠷ ᠲᠤ ᠬᠦᠷᠴᠦ ᠪᠠᠶᠢᠳᠠᠯ ᠢ ᠣᠶᠢᠯᠠᠭᠠᠭᠰᠠᠨ ᠪᠥᠭᠡᠳ 2018 ᠣᠨ ᠳᠤ ᠲᠡᠭᠦᠨ ᠳᠤ ︽ᠬᠤᠶᠠᠷ ᠥᠮᠡᠨ | ︾ ᠢ ᠠᠪᠤᠷᠠᠨ ᠲᠤᠰᠠᠯᠠᠬᠤ ᠪᠠᠯᠠ ᠮᠥᠩᠭᠦ ᠭᠤᠶᠤᠴᠢᠯᠠᠵᠤ᠂ ᠲᠡᠭᠦᠨ ᠤ ᠵᠣᠷᠢᠭ ᠰᠠᠨᠠᠭ᠎ᠠ ᠪᠠ ᠰᠡᠳᠬᠢᠴᠡ ᠶᠢᠨ | ᠲᠠᠯ᠎ᠠ ᠪᠠᠷ ᠲᠣᠬᠤᠨᠢᠭᠤᠯᠪᠠ᠃ ᠣᠳᠣᠬᠠᠨ ᠳᠤ᠂ ᠵᠤᠤ ᠠᠢ ᠰᠢᠶᠠᠨ ᠨᠢᠭᠡᠨᠲᠡ ᠬᠦᠴᠢᠷᠳᠡᠯ ᠠᠴᠠ ᠠᠩᠭᠢᠵᠢᠷᠠᠵᠤ᠂ | ᠠᠮᠢᠳᠤᠷᠠᠯ ᠳᠤ ᠪᠠᠰᠠ ᠢᠲᠡᠭᠡᠯ ᠲᠡᠭᠦᠯᠳᠡᠷ ᠪᠠᠶᠢᠨ᠎ᠠ᠃ ︽ᠡᠪᠡᠳᠴᠢᠨ ᠣᠯᠤᠭᠰᠠᠨ ᠠᠴᠠ ᠠᠪᠤᠭᠠᠳ | ᠡᠮᠡᠭᠲᠡᠶᠢᠴᠦᠳ ᠤᠨ ᠬᠤᠯᠪᠣᠭ᠎ᠠ ᠨᠠᠳᠠ ᠳᠤ ᠶᠡᠭᠡ ᠰᠠᠶᠢᠨ ᠪᠣᠯᠵᠤ᠂ ᠪᠠᠰᠠ ᠨᠢᠭᠡ ᠲᠦᠮᠡᠨ ᠲᠥᠭᠦᠷᠢᠭ ᠥᠭᠴᠦ᠂ | ᠮᠢᠨᠦ ᠪᠡᠶ᠎ᠡ ᠰᠡᠭᠦᠯᠡᠷ ᠨᠢ ᠶᠡᠭᠡ ᠰᠠᠶᠢᠨ ᠪᠣᠯᠵᠤ᠂ ᠮᠢᠨᠦ ᠠᠮᠢᠳᠤᠷᠠᠯ ᠴᠤ ᠤᠯᠠᠮ ᠠᠴᠠ ᠤᠯᠠᠮ ᠰᠠᠶᠢᠵᠢᠷᠠᠵᠤ ᠪᠠᠶᠢᠨ᠎ᠠ︾ | ᠭᠡᠵᠦ ᠬᠡᠯᠡᠪᠡ᠃ ᠵᠣᠤ ᠠᠢ ᠰᠢᠶᠠᠨ ᠬᠡᠯᠡᠪᠡ᠃ | ᠣᠶᠢᠷ᠎ᠠ ᠶᠢᠨ ᠵᠢᠯ ᠳᠤ᠂ ᠯᠢᠶᠠᠩᠴᠧᠩ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠬᠤᠶᠠᠷ ᠥᠮᠡᠨ | ︾ ᠢ ᠠᠪᠤᠷᠠᠨ ᠲᠤᠰᠠᠯᠠᠬᠤ ᠶᠢ ᠡᠮᠡᠭᠲᠡᠶᠢᠴᠦᠳ ᠤᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ | ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ | 2015 ᠣᠨ ᠠᠴᠠ ᠨᠠᠰᠢ᠂ ᠬᠥᠮᠦᠨ ᠪᠦᠷᠢ ᠳᠤ 10000 ᠲᠥᠭᠦᠷᠢᠭ ᠤᠨ ᠪᠠᠷᠢᠮᠵᠢᠶ᠎ᠠ ᠪᠠᠷ ᠪᠥᠬᠦ | ᠰᠢᠶᠠᠨ ᠢᠶᠠᠷ ᠢᠶᠠᠨ ᠬᠤᠲᠠ ᠬᠥᠳᠡᠭᠡ ᠶᠢᠨ ᠣᠷᠣᠯᠭ᠎ᠠ ᠪᠠᠭᠠᠲᠠᠶ ᠡᠮᠡᠭᠲᠡᠶᠢᠴᠦᠳ ᠤᠨ ︽ᠬᠤᠶᠠᠷ ᠥᠮᠡᠨ︾ ᠢ ᠠᠪᠤᠷᠠᠨ | ᠲᠤᠰᠠᠯᠠᠬᠤ ᠪᠠᠯᠠ ᠮᠥᠩᠭᠦ ᠶᠢ ᠨᠡᠶᠢᠲᠡ 289 ᠲᠦᠮᠡᠨ ᠲᠥᠭᠦᠷᠢᠭ ᠲᠠᠷᠬᠠᠭᠠᠪᠠ᠃ | ᠯᠢᠶᠠᠩᠴᠧᠩ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ ᠹᠦ᠋ ᠵᠢᠩ ᠶᠢᠩ ᠰᠢᠶᠠᠨ ᠤ | ᠡᠮᠡᠭᠲᠡᠶᠢᠴᠦᠳ ᠤᠨ ᠬᠤᠯᠪᠣᠭ᠎ᠠ ᠨᠢ ᠡᠮᠡᠭᠲᠡᠶᠢᠴᠦᠳ ᠣᠯᠠᠨ ᠲᠦᠮᠡᠨ ᠤ ᠡᠷᠡᠭᠦᠯ ᠮᠡᠨᠳᠦ ᠶᠢᠨ ᠠᠰᠠᠭᠤᠳᠠᠯ ᠢ | ᠣᠨᠴᠠᠭᠠᠢ ᠠᠩᠬᠠᠷᠤᠭᠰᠠᠭᠠᠷ ᠢᠷᠡᠵᠡᠢ᠂ ᠢᠯᠠᠩᠭᠤᠶ᠎ᠠ ᠬᠤᠶᠠᠷ ᠥᠮᠡᠨ ᠤ ᠬᠦᠴᠢᠷᠳᠡᠯᠲᠡᠢ ᠡᠮᠡᠭᠲᠡᠶᠢᠴᠦᠳ ᠢ | ᠣᠨᠴᠠᠭᠠᠶᠢᠯᠠᠨ ᠠᠩᠬᠠᠷᠴᠤ᠂ ᠪᠢᠳᠡ ᠦᠷᠭᠦᠯᠵᠢ ᠢᠳᠡᠪᠬᠢᠲᠡᠢ ᠰᠤᠷᠪᠤᠯᠵᠢᠯᠠᠵᠤ᠂ ᠪᠠᠰᠠ ᠨᠡᠶᠢᠭᠡᠮ ᠤᠨ ᠡᠯ᠎ᠡ | ᠡᠲᠡᠭᠡᠳ ᠠᠴᠠ ᠪᠡᠯᠡ ᠮᠥᠩᠭᠦ ᠴᠤᠭᠯᠠᠭᠤᠯᠵᠤ ᠡᠳᠡᠭᠡᠷ ᠬᠦᠴᠢᠷᠳᠡᠯᠲᠡᠢ ᠡᠮᠡᠭᠲᠡᠶᠢᠴᠦᠳ ᠢ ᠬᠠᠪᠰᠤᠷᠤᠨ ᠲᠤᠰᠠᠯᠠᠪᠠ᠃ | ᠬᠤᠶᠢᠰᠢᠳᠠ ᠶᠢᠨ ᠠᠵᠢᠯ ᠤᠨ ᠳᠤᠮᠳᠠ᠂ ᠪᠢᠳᠡ ᠡᠳᠡᠭᠡᠷ ᠬᠤᠶᠠᠷ ᠥᠮᠡᠨ ᠤ ᠶᠠᠳᠠᠭᠤ ᠬᠦᠴᠢᠷᠳᠡᠯᠲᠡᠶ | ᠡᠮᠡᠭᠲᠡᠶᠢᠴᠦᠳ ᠢ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠲᠡᠳᠡᠨ ᠢ ᠡᠪᠡᠳᠴᠢᠨ ᠡᠮᠭᠡᠭ ᠢ ᠢᠯᠠᠨ | ᠳᠠᠪᠠᠭ᠋ᠤ ᠳᠤ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠥᠪᠡᠷ ᠤᠨ ᠢᠷᠡᠭᠡᠳᠦᠶ ᠪᠠᠨ ᠨᠠᠩ ᠰᠠᠶᠢᠨ ᠢᠲᠡᠭᠡᠨ᠎ᠡ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | |