| | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠷᠠᠽᠢᠯᠢᠶ᠎ᠠ ᠳᠠᠬᠢ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ | ᠣᠷᠳᠣᠨ ᠳᠤ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠷᠠᠽᠢᠯᠢᠶ᠎ᠠ ᠶᠢᠨ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ | ᠣᠷᠳᠣᠨ ᠳᠤ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ | ᠳᠤᠮᠳᠠᠳᠤ ᠪᠷᠠᠽᠢᠯ ᠤᠨ ᠬᠠᠷᠢᠯᠴᠠᠭ᠎ᠠ ᠶᠢᠨ ᠪᠠᠶᠢᠷᠢ ᠲᠣᠭᠲᠠᠭᠠᠯᠲᠠ ᠶᠢ ᠭᠠᠷ ᠬᠤᠯᠪᠣᠨ ᠨᠡᠩ ᠲᠥᠪ ᠭᠤᠣᠯᠴᠢ | ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ᠋ᠢᠴᠡ ᠪᠥᠮᠪᠥᠷᠴᠡᠭ ᠢ ᠪᠠᠶᠢᠭᠤᠯᠬᠤ ᠳᠤᠮᠳᠠᠳᠤ ᠪᠷᠠᠽᠢᠯ ᠤᠨ ᠬᠤᠪᠢ | ᠵᠠᠶᠠᠭᠠᠨ ᠤ ᠬᠠᠮᠲᠤ ᠶᠢᠨ ᠴᠣᠭᠴᠠ ᠪᠣᠯᠭᠠᠨ ᠳᠡᠭᠡᠭᠰᠢᠯᠡᠭᠦᠯᠦᠨ᠎ᠠ ᠭᠡᠵᠦ ᠨᠡᠶᠢᠲᠡᠯᠡᠪᠡ᠃ | ᠵᠤᠨ ᠤ ᠡᠬᠢᠨ ᠤ ᠪᠷᠠᠽᠢᠯᠢᠶ᠎ᠠ ᠲᠡᠭᠷᠢ ᠨᠢ ᠴᠡᠯᠮᠡᠭ ᠠᠭᠠᠷ ᠨᠢ ᠲᠤᠩᠭᠠᠯᠠᠭ ᠪᠠᠶᠢᠯ᠎ᠠ᠃ ᠦᠷ ᠤᠨ ᠭᠡᠭᠡ | ᠣᠷᠳᠣᠨ ᠳᠤ ᠡᠪᠡᠰᠦ ᠮᠣᠳᠣ ᠨᠣᠭᠤᠭᠠᠷᠠᠵᠤ᠂ 450 ᠰᠦᠷ ᠵᠢᠪᠬᠤᠯᠠᠩᠲᠤ ᠶᠣᠰᠣᠯᠠᠯ ᠤᠨ ᠴᠡᠷᠢᠭ ᠲᠡᠷᠢ ᠲᠡᠭᠰᠢ | ᠵᠢᠭᠰᠠᠪᠠ᠃ 120 ᠨᠡᠷᠡᠰ ᠭᠠᠪᠰᠢᠭᠠᠢ ᠮᠣᠷᠢᠲᠤ ᠴᠡᠷᠢᠭ ᠤᠨ ᠬᠠᠮᠠᠭᠠᠯᠠᠯ ᠳᠣᠣᠷ᠎ᠠ ᠰᠢ ᠶᠢᠨ ᠫᠢᠩ ᠮᠠᠰᠢᠨ | ᠲᠡᠷᠭᠡᠨ ᠳᠤ ᠰᠠᠭᠤᠵᠤ ᠦᠷ ᠤᠨ ᠭᠡᠭᠡ ᠣᠷᠳᠣᠨ ᠤ ᠡᠮᠦᠨᠡᠬᠢ ᠠᠭᠤᠳᠠᠮ ᠲᠠᠯᠠᠪᠠᠢ ᠳᠤ ᠭᠦᠷᠪᠡ᠃ | | | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠷᠠᠽᠢᠯᠢᠶ᠎ᠠ ᠳᠠᠬᠢ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ ᠣᠷᠳᠣᠨ ᠳᠤ | ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠬᠡᠯᠡᠯᠴᠡᠭᠡ ᠠᠴᠠ ᠡᠮᠦᠨ᠎ᠡ᠂ ᠶᠡᠷᠦᠩᠬᠡᠶᠢᠯᠡᠭᠴᠢ | ᠯᠦᠯᠠ ᠪᠣᠯᠣᠨ ᠲᠡᠭᠦᠨ ᠤ ᠬᠠᠲᠤᠨ ᠯᠦᠸᠧᠰᠠᠩᠷᠧᠯᠠ ᠰᠢ ᠶᠢᠨ ᠫᠢᠩ ᠢ ᠬᠠᠯᠠᠭᠤᠨ ᠢᠶᠠᠷ ᠤᠭᠲᠤᠨ ᠠᠪᠤᠭᠰᠠᠨ | ᠪᠥᠭᠡᠳ ᠥᠪᠡᠳᠡᠭᠰᠢ ᠤᠭᠲᠤᠬᠤ ᠶᠣᠰᠣᠯᠠᠯ ᠶᠠᠪᠤᠭᠤᠯᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠠᠢ ᠵᠢᠶᠠᠨ ᠯᠠᠨ ᠰᠡᠭᠦᠳᠡᠷᠯᠡᠪᠡ | | | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠷᠠᠽᠢᠯᠢᠶ᠎ᠠ ᠳᠠᠬᠢ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ ᠣᠷᠳᠣᠨ ᠳᠤ | ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠬᠡᠯᠡᠯᠴᠡᠭᠡ ᠠᠴᠠ ᠡᠮᠦᠨ᠎ᠡ᠂ ᠶᠡᠷᠦᠩᠬᠡᠶᠢᠯᠡᠭᠴᠢ | ᠯᠦᠯᠠ ᠪᠣᠯᠣᠨ ᠲᠡᠭᠦᠨ ᠤ ᠬᠠᠲᠤᠨ ᠯᠦᠸᠧᠰᠠᠩᠷᠧᠯᠠ ᠰᠢ ᠶᠢᠨ ᠫᠢᠩ ᠢ ᠬᠠᠯᠠᠭᠤᠨ ᠢᠶᠠᠷ ᠤᠭᠲᠤᠨ ᠠᠪᠤᠭᠰᠠᠨ | ᠪᠥᠭᠡᠳ ᠥᠪᠡᠳᠡᠭᠰᠢ ᠤᠭᠲᠤᠬᠤ ᠶᠣᠰᠣᠯᠠᠯ ᠶᠠᠪᠤᠭᠤᠯᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠠᠢ ᠵᠢᠶᠠᠨ ᠯᠠᠨ ᠰᠡᠭᠦᠳᠡᠷᠯᠡᠪᠡ | ᠶᠡᠷᠦᠩᠬᠡᠶᠢᠯᠡᠭᠴᠢ ᠯᠦᠯᠠ ᠪᠣᠯᠣᠨ ᠲᠡᠭᠦᠨ ᠤ ᠬᠠᠲᠤᠨ ᠯᠦᠸᠧᠰᠠᠩᠷᠧᠯᠠ ᠰᠢ ᠶᠢᠨ ᠫᠢᠩ ᠢ ᠬᠠᠯᠠᠭᠤᠨ ᠢᠶᠠᠷ | ᠤᠭᠲᠤᠨ ᠠᠪᠤᠭᠰᠠᠨ ᠪᠥᠭᠡᠳ ᠥᠪᠡᠳᠡᠭᠰᠢ ᠤᠭᠲᠤᠬᠤ ᠶᠣᠰᠣᠯᠠᠯ ᠶᠠᠪᠤᠭᠤᠯᠪᠠ᠃ | ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠪᠷᠠᠽᠢᠯ ᠬᠤᠶᠠᠷ ᠤᠯᠤᠰ ᠤᠨ ᠤᠯᠤᠰ ᠤᠨ ᠰᠦᠯᠳᠡ | ᠳᠠᠭᠤᠤ ᠶᠢ ᠬᠥᠭᠵᠢᠮᠳᠡᠪᠡ᠃ ᠬᠤᠶᠠᠷ ᠤᠯᠤᠰ ᠤᠨ ᠲᠡᠷᠢᠭᠦᠨ ᠬᠠᠮᠲᠤ ᠪᠠᠷ ᠶᠣᠰᠣᠯᠠᠯ ᠤᠨ ᠠᠩᠭᠢ ᠶᠢᠨ ᠵᠢᠭᠰᠠᠭᠠᠯ ᠢ | ᠦᠵᠡᠪᠡ᠃ ᠳᠤᠮᠳᠠᠳᠤ ᠪᠷᠠᠽᠢᠯ ᠤᠨ ᠬᠡᠦᠬᠡᠳ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠨ ᠰᠢ ᠶᠢᠨ | ᠫᠢᠩ ᠢ ᠬᠠᠯᠠᠭᠤᠨ ᠢᠶᠠᠷ ᠤᠭᠲᠤᠪᠠ᠃ ᠪᠷᠠᠽᠢᠯ ᠤᠨ ᠤᠷᠠᠯᠢᠭᠴᠢᠨ ᠬᠢᠲᠠᠳ ᠭᠡᠯᠡ ᠪᠠᠷ ︽ᠮᠢᠨᠤ ᠡᠬᠡ ᠤᠯᠤᠰ︾ | ᠭᠡᠬᠦ ᠳᠠᠭᠤᠤ ᠶᠢ ᠳᠠᠭᠤᠯᠠᠪᠠ᠃ | ᠬᠤᠶᠠᠷ ᠤᠯᠤᠰ ᠤᠨ ᠲᠡᠷᠢᠭᠦᠨ ᠲᠤᠰ ᠲᠤᠰ ᠨᠦᠭᠦᠭᠡ ᠲᠠᠯ᠎ᠠ ᠶᠢᠨ ᠪᠠᠷ᠎ᠠ ᠪᠣᠯᠣᠭᠰᠠᠳ ᠲᠠᠢ ᠭᠠᠷ ᠠᠳᠬᠤᠨ | ᠮᠡᠨᠳᠦᠴᠢᠯᠡᠪᠡ᠃ | | | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠷᠠᠽᠢᠯᠢᠶ᠎ᠠ ᠳᠠᠬᠢ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ ᠣᠷᠳᠣᠨ ᠳᠤ | ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠬᠡᠯᠡᠯᠴᠡᠭᠡ ᠠᠴᠠ ᠡᠮᠦᠨ᠎ᠡ᠂ ᠶᠡᠷᠦᠩᠬᠡᠶᠢᠯᠡᠭᠴᠢ | ᠯᠦᠯᠠ ᠪᠣᠯᠣᠨ ᠲᠡᠭᠦᠨ ᠤ ᠬᠠᠲᠤᠨ ᠯᠦᠸᠧᠰᠠᠩᠷᠧᠯᠠ ᠰᠢ ᠶᠢᠨ ᠫᠢᠩ ᠢ ᠬᠠᠯᠠᠭᠤᠨ ᠢᠶᠠᠷ ᠤᠭᠲᠤᠨ ᠠᠪᠤᠭᠰᠠᠨ | ᠪᠥᠭᠡᠳ ᠥᠪᠡᠳᠡᠭᠰᠢ ᠤᠭᠲᠤᠬᠤ ᠶᠣᠰᠣᠯᠠᠯ ᠶᠠᠪᠤᠭᠤᠯᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | | | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠷᠠᠽᠢᠯᠢᠶ᠎ᠠ ᠳᠠᠬᠢ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ ᠣᠷᠳᠣᠨ ᠳᠤ | ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠬᠡᠯᠡᠯᠴᠡᠭᠡ ᠠᠴᠠ ᠡᠮᠦᠨ᠎ᠡ᠂ ᠶᠡᠷᠦᠩᠬᠡᠶᠢᠯᠡᠭᠴᠢ | ᠯᠦᠯᠠ ᠪᠣᠯᠣᠨ ᠲᠡᠭᠦᠨ ᠤ ᠬᠠᠲᠤᠨ ᠯᠦᠸᠧᠰᠠᠩᠷᠧᠯᠠ ᠰᠢ ᠶᠢᠨ ᠫᠢᠩ ᠢ ᠬᠠᠯᠠᠭᠤᠨ ᠢᠶᠠᠷ ᠤᠭᠲᠤᠨ ᠠᠪᠤᠭᠰᠠᠨ | ᠪᠥᠭᠡᠳ ᠥᠪᠡᠳᠡᠭᠰᠢ ᠤᠭᠲᠤᠬᠤ ᠶᠣᠰᠣᠯᠠᠯ ᠶᠠᠪᠤᠭᠤᠯᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠤᠭᠲᠤᠬᠤ ᠶᠣᠰᠣᠯᠠᠯ ᠤᠨ ᠳᠠᠷᠠᠭ᠎ᠠ ᠬᠤᠶᠠᠷ ᠤᠯᠤᠰ ᠤᠨ ᠲᠡᠷᠢᠭᠦᠨ ᠬᠡᠯᠡᠯᠴᠡᠭᠡ ᠬᠢᠪᠡ᠃ | ᠰᠢ ᠶᠢᠨ ᠫᠢᠩ᠂ ᠳᠤᠮᠳᠠᠳᠤ ᠪᠷᠠᠽᠢᠯ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠬᠦᠷᠴᠦ ᠢᠷᠡᠭᠰᠡᠨ | ᠡᠨᠡ ᠬᠦ ᠴᠢᠬᠤᠯᠠ ᠲᠡᠦᠬᠡᠲᠦ ᠠᠴᠢ ᠬᠤᠯᠪᠣᠭᠳᠠᠯ ᠲᠠᠢ ᠵᠢᠯ ᠳᠤ ᠪᠷᠠᠽᠢᠯ ᠳᠤ ᠠᠶᠢᠯᠴᠢᠯᠠᠬᠰᠠᠨ ᠳᠠᠭᠠᠨ ᠮᠠᠰᠢ | ᠪᠠᠶᠠᠷ ᠲᠠᠢ ᠪᠠᠶᠢᠨ᠎ᠠ᠃ ᠰᠠᠶ᠋ᠢᠬᠠᠨ ᠶᠡᠷᠦᠩᠬᠡᠶᠢᠯᠡᠭᠴᠢ ᠯᠦᠯᠠ ᠨᠠᠳᠠ ᠳᠤ ᠬᠠᠮᠤᠭ ᠤᠨ ᠳᠡᠭᠡᠳᠦ ᠬᠦᠨᠳᠦᠳᠬᠡᠯ ᠪᠦᠬᠦᠢ | ᠦᠪᠡᠳᠡᠭᠰᠢ ᠶᠡᠭᠡ ᠤᠭᠲᠤᠬᠤ ᠶᠣᠰᠣᠯᠠᠯ ᠶᠠᠪᠤᠭᠤᠯᠵᠤ᠂ ᠳᠤᠮᠳᠠᠳᠤ ᠪᠷᠠᠽᠢᠯ ᠤᠨ ᠬᠠᠷᠢᠯᠴᠠᠭ᠎ᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠵᠢᠴᠢ ᠳᠤᠮᠳᠠᠳᠤ ᠤᠯᠤᠰ ᠤᠨ ᠠᠷᠠᠳ ᠲᠦᠮᠡᠨ ᠯᠦᠭᠡ ᠶᠢᠨ ᠭᠦᠨ ᠵᠤᠵᠠᠭᠠᠨ | ᠨᠥᠬᠦᠷᠯᠡᠯ ᠢ ᠭᠦᠢᠴᠡᠳ ᠢᠯᠡᠷᠡᠭᠦᠯᠵᠦ᠂ ᠨᠠᠮᠠᠶᠢ ᠶᠡᠬᠡᠳᠡ ᠳᠣᠭᠳᠣᠯᠤᠭᠤᠯᠪᠠ᠃ ᠳᠤᠮᠳᠠᠳᠤ ᠤᠯᠤᠰ ᠪᠣᠯᠣᠨ ᠪᠷᠠᠽᠢᠯ | ᠪᠣᠯ ᠵᠡᠭᠦᠨ ᠪᠠᠷᠠᠭᠤᠨ ᠬᠠᠭᠠᠰ ᠪᠥᠮᠪᠥᠷᠴᠡᠭ ᠤᠨ ᠬᠤᠶᠠᠷ ᠲᠣᠮᠣ ᠬᠥᠭᠵᠢᠵᠦ ᠪᠠᠶᠢᠭ᠎ᠠ ᠤᠯᠤᠰ ᠮᠥᠨ᠃ | ᠥᠩᠭᠡᠷᠡᠭᠰᠡᠨ 50 ᠵᠢᠯ ᠢ ᠡᠷᠭᠢᠴᠡᠭᠦᠯᠬᠦᠶ᠎ᠡ᠂ ᠳᠤᠮᠳᠠᠳᠤ ᠪᠷᠠᠽᠢᠯ ᠤᠨ ᠬᠠᠷᠢᠯᠴᠠᠭ᠎ᠠ ᠠᠭᠤᠯᠠ ᠤᠰᠤ ᠶᠢ ᠳᠠᠪᠠᠵᠤ᠂ | ᠬᠥᠭᠵᠢᠵᠦ ᠪᠠᠶᠢᠭ᠎ᠠ ᠲᠣᠮᠣ ᠤᠯᠤᠰ ᠤᠨ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭᠲᠠᠢ ᠨᠥᠭᠦᠷᠰᠡᠭ ᠪᠠᠶᠢᠬᠤ᠂ | ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠬᠠᠷᠢᠯᠴᠠᠬᠤ ᠵᠥᠪ ᠵᠠᠮ ᠢ ᠰᠦᠪᠡᠭᠴᠢᠯᠡᠨ ᠨᠡᠭᠡᠭᠡᠪᠡ᠃ ᠪᠷᠠᠽᠢᠯ ᠪᠣᠯ | ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ ᠠᠩᠬᠠᠳᠠᠭᠴᠢ | ᠤᠯᠤᠰ ᠪᠣᠯᠣᠨ᠎ᠠ᠂ ᠳᠤᠮᠳᠠᠳᠤ ᠤᠯᠤᠰ ᠯᠤᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ | ᠬᠠᠷᠢᠯᠴᠠᠭ᠎ᠠ ᠪᠠᠶᠢᠭᠤᠯᠤᠭᠰᠠᠨ ᠯᠠᠲ᠋ᠢᠨ ᠠᠮᠧᠷᠢᠺᠠ ᠲᠢᠪ ᠤᠨ ᠠᠩᠬᠠᠳᠠᠭᠴᠢ ᠤᠯᠤᠰ ᠪᠣᠯᠣᠨ᠎ᠠ᠃ ᠣᠶᠢᠷ᠎ᠠ ᠶᠢᠨ | ᠵᠢᠯ ᠠᠴᠠ ᠪᠢ ᠪᠣᠯᠣᠨ ᠶᠡᠷᠦᠩᠬᠡᠶᠢᠯᠡᠭᠴᠢ ᠯᠦᠯᠠ ᠶᠢᠨ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠳᠣᠣᠷ᠎ᠠ | ᠬᠤᠶᠠᠷ ᠤᠯᠤᠰ ᠡᠳᠦᠷ ᠢᠷᠡᠬᠦᠶ᠎ᠡ ᠬᠤᠪᠢ ᠵᠠᠶᠠᠭ᠎ᠠ ᠪᠠᠨ ᠬᠠᠮᠲᠤᠳᠬᠠᠭᠰᠠᠨ ᠨᠠᠶᠢᠳᠠᠪᠤᠷᠢᠲᠠᠢ ᠨᠠᠶᠢᠵᠠ᠂ ᠡᠩᠬᠡ | ᠲᠠᠶᠢᠪᠤᠩ ᠢ ᠬᠠᠮᠲᠤ ᠪᠠᠷ ᠠᠬᠢᠭᠤᠯᠬᠤ ᠢᠳᠡᠪᠬᠢ ᠬᠦᠴᠦᠨ ᠪᠣᠯᠵᠤ᠂ ᠳᠤᠮᠳᠠᠳᠤ ᠪᠷᠠᠽᠢᠯ ᠤᠨ ᠬᠠᠷᠢᠯᠴᠠᠭ᠎ᠠ | ᠲᠡᠦᠬᠡ ᠶᠢᠨ ᠬᠠᠮᠤᠭ ᠤᠨ ᠰᠠᠶᠢᠨ ᠴᠠᠭ ᠦᠶ᠎ᠡ ᠳᠤ ᠣᠷᠣᠰᠢᠵᠤ᠂ ᠬᠤᠶᠠᠷ ᠤᠯᠤᠰ ᠤᠨ ᠠᠷᠠᠳ ᠲᠦᠮᠡᠨ ᠤ ᠠᠵᠠ | ᠵᠢᠷᠭᠠᠯ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ | ᠠᠰᠢᠭ ᠲᠤᠰᠠ ᠶᠢ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠦᠴᠦᠨ ᠪᠣᠯᠣᠨ | ᠲᠠᠭᠤᠨ ᠢ ᠪᠤᠵᠠᠭᠠᠶᠢᠷᠠᠭᠤᠯᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠳᠤ ᠲᠣᠪᠤᠶᠢᠮ᠎ᠠ ᠬᠤᠪᠢ ᠨᠡᠮᠡᠷᠢ | ᠦᠵᠡᠭᠦᠯᠪᠡ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠡᠨᠡ ᠡᠳᠦᠷ ᠪᠢᠳᠡ ᠳᠤᠮᠳᠠᠳᠤ ᠪᠷᠠᠽᠢᠯ ᠤᠨ ᠬᠠᠷᠢᠯᠴᠠᠭ᠎ᠠ ᠶᠢᠨ ᠪᠠᠶᠢᠷᠢ ᠲᠣᠭᠲᠠᠭᠠᠯᠲᠠ ᠶᠢ | ᠭᠠᠷ ᠬᠤᠯᠪᠣᠨ ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ᠋ᠢᠴᠡ ᠪᠥᠮᠪᠥᠷᠴᠡᠭ ᠢ | ᠪᠠᠶᠢᠭᠤᠯᠬᠤ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠭᠠᠨ ᠳᠡᠭᠡᠭᠰᠢᠯᠡᠭᠦᠯᠭᠦ ᠶᠢᠨ | ᠬᠠᠮᠲᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠪᠷᠠᠽᠢᠯ ᠤᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠵᠣᠯᠭᠠᠭᠤᠯᠪᠠ᠂ ᠡᠨᠡ ᠪᠣᠯ ᠳᠤᠮᠳᠠᠳᠤ ᠪᠷᠠᠽᠢᠯ ᠤᠨ ᠬᠠᠷᠢᠯᠴᠠᠭᠠᠨ ᠤ | ᠬᠥᠭᠵᠢᠯᠲᠡ ᠶᠢᠨ ᠪᠠᠰᠠ ᠨᠢᠭᠡᠨ ᠲᠡᠦᠬᠡᠲᠦ ᠴᠢᠨᠠᠷᠲᠠᠢ ᠴᠠᠭ ᠮᠥᠴᠡ ᠪᠠᠶᠢᠵᠤ ᠬᠤᠶᠠᠷ ᠤᠯᠤᠰ ᠤᠨ ᠬᠠᠷᠢᠯᠴᠠᠭᠠᠨ ᠤ | ᠪᠦᠭᠦ ᠪᠥᠮᠪᠥᠷᠴᠡᠭ ᠤᠨ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠠᠯᠤᠰ ᠭᠡᠳᠦ ᠶᠢᠨ ᠴᠢᠨᠠᠷ ᠢ ᠢᠯᠡᠷᠡᠭᠦᠯᠵᠦ᠂ | ᠬᠤᠶᠠᠷ ᠤᠯᠤᠰ ᠤᠨ ᠠᠷᠠᠳ ᠲᠦᠮᠡᠨ ᠤ ᠨᠡᠶᠢᠳᠡᠮ ᠤᠨ ᠬᠦᠰᠡᠯ ᠡᠷᠡᠮᠡᠯᠵᠡᠯ ᠲᠠᠢ ᠨᠡᠶᠢᠴᠡᠵᠦ᠂ ᠬᠤᠶᠠᠷ ᠲᠠᠯ᠎ᠠ ᠶᠢᠨ | ᠲᠤᠰ ᠲᠤᠰ ᠤᠨ ᠣᠳᠣᠬᠢᠴᠢᠯᠠᠯᠲᠠ ᠪᠠᠨ ᠠᠬᠢᠭᠤᠯᠬᠤ ᠳᠤ ᠬᠥᠳᠡᠯᠭᠡᠬᠦ ᠬᠦᠴᠦᠨ ᠤ ᠲᠤᠯᠭᠠᠭᠤᠷᠢᠯᠠᠯ ᠬᠠᠩᠭᠠᠬᠤ ᠶᠢᠨ | ᠬᠠᠮᠲᠤ ᠳᠤᠮᠳᠠᠳᠤ ᠪᠷᠠᠽᠢᠯ ᠤᠨ ᠭᠠᠷ ᠬᠤᠯᠪᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ᠂ | ᠳᠡᠯᠡᠬᠡᠢ ᠶᠢᠨ ᠬᠠᠮᠲᠤ ᠶᠢᠨ ᠬᠥᠭᠵᠢᠯᠲᠡ ᠶᠢ ᠠᠬᠢᠭᠤᠯᠬᠤ ᠡᠷᠴᠢ ᠵᠣᠷᠢᠭ ᠢ ᠢᠯᠡᠷᠡᠭᠦᠯᠪᠡ᠃ ᠳᠤᠮᠳᠠᠳᠤ ᠤᠯᠤᠰ | ᠳᠤᠷᠠᠲᠠᠶ᠎ᠠ ᠪᠷᠠᠽᠢᠯ ᠤᠨ ᠬᠢᠨ ᠲᠠᠢ ᠬᠠᠮᠲᠤ ᠪᠠᠷ ᠬᠥᠮᠥᠨ ᠲᠥᠷᠥᠯᠬᠢᠲᠡᠨ ᠤ ᠢᠷᠡᠭᠡᠳᠦᠢ ᠪᠠᠷ ᠵᠣᠷᠢᠯᠲᠠ ᠪᠤᠯᠭᠠᠵᠤ᠂ | ᠠᠷᠠᠳ ᠲᠦᠮᠡᠨ ᠤ ᠠᠵᠠ ᠵᠢᠷᠭᠠᠯ ᠢ ᠪᠣᠳᠣᠯᠬᠢᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠪᠷᠠᠽᠢᠯ ᠤᠨ | ᠬᠠᠷᠢᠯᠴᠠᠭᠠᠨ ᠤ ᠠᠭᠤᠯᠬᠤᠨ ᠢ ᠲᠠᠰᠤᠷᠠᠯᠳᠡ ᠦᠭᠡᠢ ᠪᠠᠶᠠᠯᠢᠭᠵᠢᠭᠤᠯᠵᠤ᠂ ᠬᠠᠷᠢᠯᠴᠠᠨ ᠠᠮᠵᠢᠯᠲᠠ ᠪᠦᠲᠦᠮᠵᠢ | ᠭᠠᠷᠭᠠᠬᠤ ︽ᠬᠠᠮᠤᠭ ᠤᠨ ᠰᠠᠶᠢᠨ ᠬᠠᠨᠢᠲᠠᠨ︾ ᠪᠣᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ᠂ ᠨᠡᠩ ᠲᠥᠪ ᠭᠤᠣᠯᠴᠢ ᠳᠡᠯᠡᠬᠡᠢ ᠶᠢᠷᠲᠢᠨᠴᠦ ᠶᠢ ᠪᠠᠶᠢᠭᠤᠯᠬᠤ ᠪᠠ ᠨᠡᠩ | ᠦᠷᠭᠦᠯᠵᠢᠯᠡᠬᠦ᠋ᠢᠴᠡ ᠪᠥᠮᠪᠥᠷᠴᠡᠭ ᠢ ᠪᠠᠶᠢᠭᠤᠯᠬᠤ ᠬᠠᠷᠠᠯᠲᠠ ᠲᠡᠶᠢᠰᠢ ᠲᠠᠰᠤᠷᠠᠯᠳᠡ ᠦᠭᠡᠢ ᠤᠷᠤᠭᠰᠢᠯᠠᠵᠤ᠂ ᠬᠥᠮᠥᠨ | ᠲᠥᠷᠥᠯᠬᠢᠲᠡᠨ ᠤ ᠡᠩᠬᠡ ᠲᠠᠶᠢᠪᠤᠩ ᠪᠣᠯᠣᠨ ᠲᠠᠪᠰᠢᠯᠳᠠ ᠶᠢᠨ ᠦᠢᠯᠡᠰ ᠲᠤ ᠨᠡᠩ ᠶᠡᠭᠡ ᠬᠤᠪᠢ ᠨᠡᠮᠡᠷᠢ | ᠦᠵᠡᠭᠦᠯᠦᠨ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ ᠢᠷᠡᠭᠡᠳᠦᠢ ᠶᠢᠨ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠶᠢᠨ ᠲᠤᠬᠠᠢ 4 ᠲᠠᠯ᠎ᠠ ᠶᠢᠨ | ᠰᠠᠨᠠᠭᠤᠯᠭ᠎ᠠ ᠳᠤᠷᠠᠳᠪᠠ᠃ | ᠨᠢᠭᠡ ᠳᠤ᠂ ᠬᠤᠪᠢ ᠵᠠᠶᠠᠭ᠎ᠠ ᠪᠠᠨ ᠬᠠᠮᠲᠤᠳᠬᠠᠵᠤ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ | ᠲᠠᠰᠤᠷᠠᠯᠲᠠ ᠦᠭᠡᠢ ᠪᠠᠬᠢᠵᠢᠭᠦᠯᠦᠶ᠎ᠡ᠃ ᠡᠷᠬᠡ ᠮᠡᠳᠡᠯ᠂ ᠠᠮᠤᠷ ᠲᠦᠪᠰᠢᠨ᠂ ᠨᠤᠲᠤᠭ ᠳᠡᠪᠢᠰᠬᠡᠷ ᠤᠨ ᠪᠦᠷᠢᠨ | ᠪᠦᠲᠦᠨ ᠵᠡᠷᠭᠡ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠡᠷᠡᠰ ᠪᠠᠲᠤ ᠬᠠᠷᠢᠯᠴᠠᠨ | ᠳᠡᠮᠵᠢᠵᠦ᠂ ᠬᠠᠷᠢᠯᠴᠠᠨ ᠢᠲᠡᠭᠡᠯᠴᠡᠭᠰᠡᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠠ ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠨ ᠬᠠᠮᠵᠢᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠳᠡᠭᠦ᠂ ᠬᠠᠮᠲᠤ ᠪᠠᠷ ᠬᠥᠭᠵᠢᠬᠦ ᠬᠡᠪ ᠳᠠᠭᠤᠷᠢᠶᠠᠯ ᠪᠣᠯᠣᠨ᠎ᠠ᠃ ᠰᠣᠶᠣᠯ᠂ ᠰᠤᠷᠭᠠᠨ ᠬᠥᠮᠦᠵᠢᠯ᠂ ᠵᠠᠯᠠᠭᠤᠴᠤᠳ | ᠵᠡᠷᠭᠡ ᠬᠦᠷᠢᠶᠡᠨ ᠳᠠᠬᠢ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠪᠷᠠᠽᠢᠯ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ᠃ | ᠬᠤᠶᠠᠷ ᠲᠤ᠂ ᠬᠥᠭᠵᠢᠯᠲᠡ ᠶᠢ ᠬᠠᠮᠲᠤ ᠪᠠᠷ ᠡᠳ᠋ᠯᠡᠵᠦ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠵᠣᠯᠭᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠶ᠎ᠡ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠰᠠᠨᠠᠭᠠᠴᠢᠯᠠᠭ᠎ᠠ ᠪᠣᠯᠣᠨ ᠪᠷᠠᠽᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢᠨ | ᠲᠡᠦᠬᠡᠨ ᠠᠵᠠ ᠲᠣᠭᠢᠶᠠᠯ ᠢ ᠡᠵᠡᠮᠳᠡᠵᠦ᠂ ᠠᠵᠤ ᠠᠬᠤᠢ ᠠᠷᠠᠯᠵᠢᠶ᠎ᠠ᠂ ᠰᠠᠭᠤᠷᠢ ᠲᠥᠬᠦᠭᠡᠷᠦᠮᠵᠢ᠂ ᠮᠥᠩᠭᠦᠨ | ᠭᠦᠢᠯᠭᠡᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ | ᠭᠤᠣᠯᠳᠠᠯᠭ᠎ᠠ ᠲᠠᠢ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠠᠨᠰᠠᠷ ᠤᠨ ᠠᠶᠠᠯᠠᠯ᠂ | ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠡᠪᠡᠷ ᠡᠨᠧᠷᠭᠢ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠴᠢᠩᠭᠠᠳᠬᠠᠶ᠎ᠠ᠃ ᠳᠤᠮᠳᠠᠳᠤ ᠤᠯᠤᠰ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠶᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠣᠪᠤᠶᠢᠮ᠎ᠠ ᠪᠠᠶᠢᠷᠢᠨ ᠳᠤ ᠲᠠᠯᠪᠢᠵᠤ᠂ ᠪᠷᠠᠽᠢᠯ ᠤᠨ ︽ | ᠥᠯᠥᠰᠬᠦᠯᠡᠩ ᠭᠠᠴᠢᠭ ᠦᠭᠡᠢ ᠪᠤᠯᠬᠤ ᠶᠢ ᠪᠡᠶᠡᠯᠡᠭᠦᠯᠬᠦ︾ ᠲᠥᠯᠥᠪᠯᠡᠭᠡ ᠶᠢ ᠲᠡᠮᠵᠢᠵᠤ᠂ ᠳᠤᠷᠠᠲᠠᠶ᠎ᠠ | ᠪᠷᠠᠽᠢᠯ ᠤᠨ ᠬᠢᠨ ᠲᠠᠢ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠮᠲᠤᠷᠠᠯᠴᠠᠭ᠎ᠠ ᠪᠠᠨ ᠦᠷᠭᠦᠯᠵᠢᠯᠡᠨ | ᠴᠢᠩᠭᠠᠳᠬᠠᠵᠤ᠂ ᠬᠤᠶᠠᠷ ᠤᠯᠤᠰ ᠤᠨ ᠠᠷᠠᠳ ᠲᠦᠮᠡᠨ ᠢ ᠨᠡᠩ ᠰᠠᠶᠢᠨ ᠰᠠᠶᠢᠬᠠᠨ ᠠᠮᠢᠳᠤᠷᠠᠭᠤᠯᠤᠨ᠎ᠠ᠃ | ᠭᠤᠷᠪᠠ ᠳᠤ᠂ ᠬᠠᠮᠲᠤ ᠪᠠᠷ ᠬᠠᠷᠢᠭᠤᠴᠠᠯᠭ᠎ᠠ ᠡᠭᠦᠷᠭᠡᠯᠡᠵᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠰᠢᠳᠤᠷᠭᠤ | ᠶᠣᠰᠣ ᠶᠢ ᠬᠠᠮᠠᠭᠠᠯᠠᠬᠤ ᠶᠢᠨ ᠲᠥᠯᠥᠭᠡ ᠳᠤᠮᠳᠠᠳᠤ ᠪᠷᠠᠽᠢᠯ ᠤᠨ ᠬᠦᠴᠦᠨ ᠢ ᠢᠯᠡᠷᠡᠭᠦᠯᠦᠶ᠎ᠡ᠃ ᠵᠢᠩᠬᠢᠨᠢ ᠤᠯᠠᠨ | ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠭᠤᠣᠯᠴᠢ ᠦᠭᠡ ᠬᠡᠯᠡᠵᠦ᠂ ᠭᠤᠣᠯᠴᠢ ᠶᠠᠪᠤᠳᠠᠯ ᠢ ᠪᠦᠲᠦᠭᠡᠬᠦ ᠶᠢ | ᠪᠠᠷᠢᠮᠲᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ | ᠬᠥᠭᠵᠢᠬᠦ ᠶᠢ ᠠᠬᠢᠭᠤᠯᠤᠶ᠎ᠠ᠃ ᠳᠤᠮᠳᠠᠳᠤ ᠤᠯᠤᠰ ᠪᠷᠠᠽᠢᠯ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠣᠯᠣᠨ | ᠨᠥᠯᠥᠭᠡᠯᠡᠬᠦ ᠬᠦᠴᠦᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠷᠠᠽᠢᠯ ᠤᠨ ᠬᠢᠨ ᠤ ᠣᠯᠠᠨ ᠤᠯᠤᠰ ᠤᠨ | ᠲᠠᠪᠴᠠᠩ ᠳᠡᠭᠡᠷ᠎ᠡ ᠨᠠᠩ ᠶᠡᠭᠡ ᠦᠢᠯᠡᠳᠦᠯ ᠦᠵᠡᠭᠦᠯᠭᠦ ᠶᠢ ᠳᠡᠮᠵᠢᠵᠦ᠂ ᠳᠤᠷᠠᠲᠠᠶ᠎ᠠ ᠪᠷᠠᠽᠢᠯ ᠤᠨ ᠬᠢᠨ ᠲᠠᠢ ᠣᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠣᠯᠣᠨ ᠠᠯᠲᠠᠨ ᠲᠣᠭᠤᠰᠭ᠋᠎ᠠ ᠤᠯᠤᠰ ᠤᠳ ᠵᠡᠷᠭᠡ ᠣᠯᠠᠨ ᠲᠠᠯᠠᠲᠤ | ᠲᠣᠭᠲᠠᠴᠠ ᠳᠣᠲᠣᠷ᠎ᠠ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠪᠷᠠᠽᠢᠯ ᠤᠨ ᠢᠷᠡᠬᠦ ᠵᠢᠯ ᠠᠯᠲᠠᠨ | ᠲᠣᠭᠤᠰᠭ᠋᠎ᠠ ᠤᠯᠤᠰ ᠤᠳ ᠤᠨ ᠲᠡᠷᠢᠭᠦᠯᠡᠭᠴᠢ ᠤᠯᠤᠰ ᠪᠤᠯᠬᠤ ᠶᠢ ᠳᠡᠮᠵᠢᠵᠦ᠂ ︽ᠲᠣᠮᠣ ᠠᠯᠲᠠᠨ ᠲᠣᠭᠤᠰᠭ᠋᠎ᠠ | ᠤᠯᠤᠰ ᠤᠳ ᠤᠨ ᠬᠠᠮᠲᠤᠷᠠᠯᠴᠠᠭ᠎ᠠ︾ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠣᠯᠠᠨ ᠲᠠᠯᠠᠲᠤ | ᠦᠵᠡᠯ ᠢ ᠪᠠᠷᠢᠮᠲᠠᠯᠠᠬᠤ᠂ ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠲᠤᠬᠠᠢ ᠠᠯᠲᠠᠨ ᠲᠣᠭᠤᠰᠭ᠋᠎ᠠ | ᠤᠯᠤᠰ ᠤᠳ ᠤᠨ ᠨᠠᠩ ᠬᠠᠩᠭᠢᠨᠠᠮ᠎ᠠ ᠲᠠᠭᠤᠨ ᠢ ᠴᠤᠤᠷᠢᠶᠠᠲᠤᠭᠤᠯᠤᠶ᠎ᠠ᠃ | ᠳᠥᠷᠪᠡ ᠳᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠳᠤ ᠳᠤᠮᠳᠠᠳᠤ ᠪᠷᠠᠽᠢᠯ ᠤᠨ ᠬᠤᠪᠢ ᠨᠡᠮᠡᠷᠢ ᠶᠢ ᠦᠵᠡᠭᠦᠯᠦᠶ᠎ᠡ᠃ ᠳᠤᠮᠳᠠᠳᠤ | ᠪᠷᠠᠽᠢᠯ ᠬᠥᠭᠵᠢᠵᠦ ᠪᠠᠶᠢᠭ᠎ᠠ ᠲᠣᠮᠣ ᠤᠯᠤᠰ ᠪᠣᠯᠤᠭᠰᠠᠨ ᠤ ᠬᠤᠪᠢ ᠳᠤ᠂ ᠲᠦᠷᠦᠭᠦᠯᠡᠨ ᠬᠠᠮᠲᠤ ᠪᠠᠷ ᠶᠠᠷᠢᠯᠴᠠᠨ | ᠬᠠᠮᠲᠤ ᠪᠠᠷ ᠵᠥᠪᠳᠡᠯᠴᠡᠵᠦ᠂ ︽ᠪᠦᠭᠦ ᠳᠡᠯᠡᠬᠡᠢ ᠪᠠᠷ ᠢᠶᠠᠨ ᠬᠠᠷᠢᠯᠴᠠᠨ ᠲᠤᠰᠠᠯᠠᠯᠴᠠᠬᠤ︾ ᠶᠢ ᠠᠬᠢᠭᠤᠯᠵᠤ᠂ ᠬᠥᠮᠥᠨ | ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠳᠤ ᠬᠤᠯᠪᠣᠭᠳᠠᠬᠤ ᠪᠦᠭᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠬᠦᠴᠦ ᠪᠠᠨ ᠬᠠᠮᠲᠤᠳᠬᠠᠨ ᠠᠷᠭᠠᠴᠠᠭᠠᠶ᠎ᠠ᠃ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ᠂ ᠦᠷᠭᠦᠯᠵᠢᠯᠡᠬᠦ ᠬᠥᠭᠵᠢᠯᠲᠡ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ | ᠵᠣᠬᠢᠶᠠᠮᠠᠯ ᠤᠶᠤᠨ ᠴᠢᠳᠠᠪᠤᠷᠢ ᠶᠢᠨ ᠵᠠᠰᠠᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠶ᠎ᠠ᠃ | ᠳᠤᠮᠳᠠᠳᠤ ᠤᠯᠤᠰ ᠳᠤᠷᠠᠲᠠᠶ᠎ᠠ ᠪᠷᠠᠽᠢᠯ ᠤᠨ ᠬᠢᠨ ᠤ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ | ᠠᠮᠢᠰᠬᠤᠯ ᠤᠨ ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ︾ ᠶᠢᠨ ᠭᠤᠴᠢᠳᠤᠭᠠᠷ ᠤᠳᠠᠭ᠎ᠠ ᠶᠢᠨ ᠭᠡᠷᠡᠲᠦ | ᠲᠠᠯ᠎ᠠ ᠶᠢᠨ ᠶᠡᠭᠡ ᠬᠤᠷᠠᠯ ᠢ ᠰᠠᠶᠢᠲᠤᠷ ᠡᠷᠭᠢᠯᠡᠭᠦ ᠶᠢ ᠳᠡᠮᠵᠢᠨ᠎ᠠ᠃ | ᠰᠢ ᠶᠢᠨ ᠫᠢᠩ᠂ 10 ᠵᠢᠯ ᠤᠨ ᠡᠮᠦᠨ᠎ᠡ᠂ ᠪᠢ ᠪᠷᠠᠽᠢᠯᠢᠶ᠎ᠠ ᠳᠤ ᠯᠠᠲ᠋ᠢᠨ ᠠᠮᠧᠷᠢᠺᠠ ᠲᠢᠪ ᠪᠣᠯᠣᠨ ᠺᠠᠷᠢᠪᠧ ᠶᠢᠨ | ᠤᠯᠤᠰ ᠤᠳ ᠤᠨ ᠤᠳᠤᠷᠢᠳᠬᠤ ᠬᠥᠮᠥᠰ ᠲᠠᠢ ᠬᠠᠮᠲᠤ ᠪᠠᠷ ᠳᠤᠮᠳᠠᠳᠤ ᠯᠠᠲ᠋ᠢᠨ ᠠᠮᠧᠷᠢᠺᠠ ᠶᠢᠨ ᠶᠠᠷᠢᠶᠠᠨ ᠤ | ᠲᠠᠪᠴᠠᠩ ᠢ ᠪᠠᠶᠢᠭᠤᠯᠬᠤ ᠪᠠᠷ ᠨᠡᠶᠢᠲᠡᠯᠡᠵᠦ᠂ ᠳᠤᠮᠳᠠᠳᠤ ᠯᠠᠲ᠋ᠢᠨ ᠠᠮᠧᠷᠢᠺᠠ ᠶᠢᠨ ᠬᠠᠷᠢᠯᠴᠠᠭ᠎ᠠ ᠶᠢᠨ ᠡᠷᠬᠡ ᠲᠡᠭᠰᠢ᠂ | ᠬᠠᠷᠢᠯᠴᠠᠨ ᠠᠰᠢᠭᠲᠠᠢ᠂ ᠰᠢᠨ᠎ᠡ ᠶᠢ ᠡᠭᠦᠳᠬᠦ᠂ ᠨᠡᠭᠡᠭᠡᠯᠲᠡᠲᠤ᠂ ᠠᠷᠠᠳ ᠲᠤ ᠠᠰᠢᠭ ᠬᠦᠷᠲᠡᠭᠡᠬᠦ ᠰᠢᠨ᠎ᠡ ᠴᠠᠭ | ᠦᠶ᠎ᠡ ᠳᠤ ᠣᠷᠣᠬᠤ ᠶᠢ ᠠᠬᠢᠭᠤᠯᠪᠠ᠃ ᠳᠤᠮᠳᠠᠳᠤ ᠤᠯᠤᠰ ᠳᠤᠷᠠᠲᠠᠶ᠎ᠠ ᠪᠷᠠᠽᠢᠯ ᠤᠨ ᠬᠢᠨ ᠲᠠᠢ ᠬᠠᠮᠲᠤ ᠪᠠᠷ | ᠳᠤᠮᠳᠠᠳᠤ ᠯᠠᠲ᠋ᠢᠨ ᠠᠮᠧᠷᠢᠺᠠ ᠶᠢᠨ ᠶᠠᠷᠢᠶᠠᠨ ᠤ ᠲᠠᠪᠴᠠᠩ ᠢ ᠦᠷᠭᠦᠯᠵᠢᠯᠡᠨ ᠰᠠᠶᠢᠲᠤᠷ ᠡᠷᠭᠢᠯᠡᠵᠦ᠂ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠭᠠᠵᠠᠷ ᠣᠷᠣᠨ ᠤ ᠬᠥᠭᠵᠢᠯᠲᠡ ᠶᠢᠨ ᠳᠠᠪᠠᠭᠤᠯᠢᠭ ᠪᠣᠯᠣᠨ ᠬᠡᠷᠡᠭᠴᠡᠭᠡ ᠲᠠᠢ ᠨᠡᠩ ᠰᠠᠶᠢᠲᠤᠷ ᠵᠣᠯᠭᠠᠭᠤᠯᠵᠤ᠂ | ᠳᠤᠮᠳᠠᠳᠤ ᠯᠠᠲ᠋ᠢᠨ ᠠᠮᠧᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠤᠯᠠᠨ | ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | | | | | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠷᠠᠽᠢᠯᠢᠶ᠎ᠠ ᠳᠠᠬᠢ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ ᠣᠷᠳᠣᠨ ᠳᠤ | ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠯᠦᠯᠠ᠂ ᠪᠷᠠᠽᠢᠯ ᠳᠤᠮᠳᠠᠳᠤ ᠪᠣᠯ ᠬᠠᠷᠢᠯᠴᠠᠨ ᠭᠦᠨᠳᠦᠳᠭᠡᠵᠦ᠂ ᠬᠠᠷᠢᠯᠴᠠᠨ ᠲᠦᠰᠢᠭᠯᠡᠭᠰᠡᠨ ᠰᠠᠶᠢᠨ ᠨᠠᠶᠢᠵᠠ | ᠮᠥᠨ᠂ ᠳᠤᠮᠳᠠᠳᠤ ᠤᠯᠤᠰ ᠪᠣᠯ ᠪᠷᠠᠽᠢᠯ ᠤᠨ ᠬᠠᠮᠤᠭ ᠤᠨ ᠴᠢᠬᠤᠯᠠ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠠᠨᠢᠲᠠᠨ ᠮᠥᠨ᠂ ᠳᠤᠮᠳᠠᠳᠤ ᠤᠯᠤᠰ ᠤᠨ ᠠᠷᠠᠳ ᠲᠦᠮᠡᠨ ᠪᠣᠯ ᠪᠷᠠᠽᠢᠯ ᠤᠨ ᠠᠷᠠᠳ | ᠲᠦᠮᠡᠨ ᠤ ᠬᠠᠮᠤᠭ ᠤᠨ ᠢᠲᠡᠭᠡᠭᠦᠰᠢᠲᠡᠢ ᠨᠠᠶᠢᠵᠠ ᠮᠥᠨ᠃ ᠡᠨᠡ ᠵᠢᠯ ᠪᠣᠯ ᠪᠷᠠᠽᠢᠯ ᠳᠤᠮᠳᠠᠳᠤ ᠶᠢᠨ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠣᠯᠣᠨ᠎ᠠ᠂ ᠲᠡᠷᠢᠭᠦᠯᠡᠭᠴᠢ ᠰᠢ ᠶᠢᠨ ᠫᠢᠩ ᠤᠨ ᠡᠨᠡ ᠬᠦ ᠴᠢᠬᠤᠯᠠ | ᠵᠠᠩᠭᠢᠯᠠᠭ᠎ᠠ ᠶᠢᠨ ᠴᠠᠭ ᠲᠤ ᠪᠷᠠᠽᠢᠯ ᠳᠤ ᠳᠠᠬᠢᠨᠲᠠ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠢ ᠪᠠᠶᠠᠷᠯᠠᠨ | ᠤᠭᠲᠤᠵᠤ ᠪᠠᠶᠢᠨ᠎ᠠ᠃ ᠰᠠᠶ᠋ᠢᠬᠠᠨ ᠤᠭᠲᠤᠬᠤ ᠶᠣᠰᠣᠯᠠᠯ ᠳᠡᠭᠡᠷ᠎ᠡ᠂ ᠪᠢ ᠪᠷᠠᠽᠢᠯ ᠤᠨ ᠤᠷᠠᠯᠢᠭᠴᠢᠳ ᠢ ᠲᠤᠰᠬᠠᠶᠢᠯᠠᠨ | ᠲᠣᠬᠢᠷᠠᠭᠤᠯᠵᠤ ︽ᠮᠢᠨᠤ ᠡᠬᠡ ᠤᠯᠤᠰ︾ ᠭᠡᠬᠦ ᠨᠡᠷᠡᠳᠦ ᠬᠢᠲᠠᠳ ᠬᠡᠯᠡᠨ ᠤ ᠳᠠᠭᠤᠤ ᠶᠢ ᠳᠠᠭᠤᠯᠠᠭᠤᠯᠵᠤ᠂ ᠡᠭᠦᠨ ᠢᠶᠠᠷ | ᠳᠠᠮᠵᠢᠨ ᠪᠢ ᠨᠢᠳᠤᠨᠤᠨ ᠳᠤᠮᠳᠠᠳᠤ ᠤᠯᠤᠰ ᠲᠤ ᠠᠶᠢᠯᠴᠢᠯᠠᠯᠲᠠ ᠬᠢᠬᠦ ᠳᠤ ᠳᠤᠮᠳᠠᠳᠤ ᠤᠯᠤᠰ ᠤᠨ ᠬᠢᠨ ᠤ | ᠬᠠᠯᠠᠭᠤᠨ ᠢᠶᠠᠷ ᠵᠣᠴᠢᠯᠠᠭᠰᠠᠨ ᠳᠤ ᠲᠠᠯᠠᠷᠬᠠᠵᠤ ᠪᠠᠶᠢᠬᠤ ᠶᠢᠨ ᠬᠠᠮᠲᠤ ᠪᠷᠠᠽᠢᠯ ᠤᠨ ᠠᠷᠠᠳ ᠲᠦᠮᠡᠨ ᠤ ᠳᠤᠮᠳᠠᠳᠤ | ᠤᠯᠤᠰ ᠤᠨ ᠠᠷᠠᠳ ᠲᠦᠮᠡᠨ ᠯᠦᠭᠡ ᠶᠢᠨ ᠭᠦᠨ ᠵᠤᠵᠠᠭᠠᠨ ᠨᠥᠬᠦᠷᠯᠡᠯ ᠢ ᠢᠯᠡᠳᠬᠡᠶ᠎ᠡ ᠭᠡᠰᠡᠨ ᠶᠤᠮ᠃ ᠥᠩᠭᠡᠷᠡᠭᠰᠡᠨ | 50 ᠵᠢᠯ ᠳᠤ᠂ ᠪᠷᠠᠽᠢᠯ ᠳᠤᠮᠳᠠᠳᠤ ᠶᠢᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠪᠠ | ᠃ ᠪᠷᠠᠽᠢᠯ ᠤᠨ ᠬᠢᠨ ᠲᠡᠷᠢᠭᠦᠯᠡᠭᠴᠢ ᠰᠢ ᠶᠢᠨ ᠫᠢᠩ ᠤᠨ ᠠᠶᠢᠯᠴᠢᠯᠠᠯᠲᠠ ᠪᠠᠷ ᠰᠢᠨ᠎ᠡ ᠭᠠᠷᠤᠭ᠎ᠠ ᠪᠤᠯᠭᠠᠵᠤ᠂ ᠬᠤᠶᠠᠷ | ᠤᠯᠤᠰ ᠤᠨ ᠬᠠᠷᠢᠯᠴᠠᠭ᠎ᠠ ᠨᠡᠩ ᠤᠯᠠᠨ ᠦᠨᠡᠨ ᠪᠣᠳᠠᠲᠠᠢ ᠰᠢᠨ᠎ᠡ ᠦᠷ᠎ᠡ ᠪᠦᠲᠦᠭᠡᠯ ᠣᠯᠬᠤ ᠶᠢ ᠠᠬᠢᠭᠤᠯᠵᠤ᠂ ᠭᠠᠷ | ᠬᠤᠯᠪᠣᠨ ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠠ ᠨᠡᠩ ᠦᠷᠭᠦᠯᠵᠢᠯᠡᠬᠦ᠋ᠢᠴᠡ ᠪᠥᠮᠪᠥᠷᠴᠡᠭ ᠢ ᠪᠠᠶᠢᠭᠤᠯᠬᠤ | ᠪᠷᠠᠽᠢᠯ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠦᠰᠡᠵᠦ ᠪᠠᠶᠢᠨ᠎ᠠ᠃ ᠪᠷᠠᠽᠢᠯ ᠶᠠᠭ ︽ | ᠨᠡᠮᠡᠭᠳᠡᠯ ᠢ ᠲᠦᠷᠭᠡᠳᠬᠡᠬᠦ ᠲᠥᠯᠥᠪᠯᠡᠭᠡ︾᠂ ︽ᠰᠢᠨ᠎ᠡ ᠠᠵᠤ ᠦᠢᠯᠡᠳᠪᠦᠷᠢ ᠶᠢᠨ ᠲᠥᠯᠥᠪᠯᠡᠭᠡ︾᠂ ︽ᠡᠮᠦᠨᠡᠲᠦ | ᠠᠮᠧᠷᠢᠺᠠ ᠶᠢ ᠨᠢᠭᠡ ᠴᠣᠭᠴᠠᠵᠢᠭᠤᠯᠬᠤ ᠵᠠᠮ ᠱᠤᠭᠤᠮ ᠤᠨ ᠲᠥᠯᠥᠪᠯᠡᠭᠡ︾ ᠵᠡᠷᠭᠡ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠪᠠᠨ ᠶᠡᠭᠡ ᠪᠠᠷ ᠠᠬᠢᠭᠤᠯᠵᠤ ᠪᠠᠶᠢᠨ᠎ᠠ᠂ ᠡᠳᠡᠭᠡᠷ ᠨᠢ ᠳᠤᠮᠳᠠᠳᠤ ᠤᠯᠤᠰ ᠤᠨ ︽ᠨᠢᠭᠡ ᠪᠦᠰᠡ ᠨᠢᠭᠡ ᠵᠠᠮ︾ | ᠤᠨ ᠰᠠᠨᠠᠭᠠᠴᠢᠯᠠᠭ᠎ᠠ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠂ ᠬᠤᠶᠠᠷ ᠲᠠᠯ᠎ᠠ ᠪᠠᠷ ᠢᠶᠠᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠬᠤ ᠨᠢ ᠪᠷᠠᠽᠢᠯ ᠤᠨ ᠲᠠᠭᠢᠨ ᠠᠵᠤ | ᠦᠢᠯᠡᠳᠪᠦᠷᠢᠵᠢᠯᠲᠡ ᠶᠢᠨ ᠠᠬᠢᠴᠠ ᠶᠢ ᠶᠡᠭᠡ ᠪᠠᠷ ᠠᠬᠢᠭᠤᠯᠵᠤ᠂ ᠡᠮᠦᠨᠡᠲᠦ ᠠᠮᠧᠷᠢᠺᠠ ᠶᠢ ᠨᠢᠭᠡ ᠴᠣᠭᠴᠠᠵᠢᠭᠤᠯᠬᠤ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠨ ᠬᠠᠮᠲᠤᠷᠠᠯᠴᠠᠬᠤ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠡᠪ ᠳᠠᠭᠤᠷᠢᠶᠠᠯ ᠢ ᠱᠤᠭᠤᠬᠤ ᠪᠣᠯᠣᠨ᠎ᠠ᠃ ᠬᠤᠶᠠᠷ ᠲᠠᠯ᠎ᠠ ᠶᠢᠨ | ᠠᠵᠢᠯᠯᠠᠬᠤ ᠳᠤᠭᠤᠶᠢᠯᠠᠩ ᠤᠨ ᠬᠢᠨ ᠰᠠᠭᠤᠷᠢ ᠲᠥᠬᠦᠭᠡᠷᠦᠮᠵᠢ᠂ ᠮᠥᠩᠭᠦᠨ ᠭᠦᠢᠯᠭᠡᠭᠡᠨ᠂ ᠠᠵᠤ ᠦᠢᠯᠡᠰ ᠤᠨ | ᠬᠡᠯᠬᠢᠶ᠎ᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ | ᠭᠤᠣᠯᠳᠠᠯᠭ᠎ᠠ ᠲᠠᠢ ᠬᠦᠷᠢᠶᠡᠨ ᠳᠠᠬᠢ ᠬᠠᠮᠲᠤᠷᠠᠯᠴᠠᠭ᠎ᠠ ᠪᠠᠨ ᠱᠠᠯᠠᠪᠳᠠᠨ ᠶᠠᠷᠢᠯᠴᠠᠵᠤ ᠠᠬᠢᠭᠤᠯᠤᠶ᠎ᠠ᠃ ᠳᠤᠮᠳᠠᠳᠤ | ᠤᠯᠤᠰ ᠤᠨ ᠨᠡᠩ ᠤᠯᠠᠨ ᠠᠵᠤ ᠠᠬᠤᠶᠢᠯᠠᠯ ᠪᠷᠠᠽᠢᠯ ᠳᠤ ᠢᠷᠡᠵᠦ ᠪᠡᠯᠡ ᠣᠷᠣᠭᠤᠯᠤᠨ ᠬᠠᠮᠲᠤᠷᠠᠯᠴᠠᠭ᠎ᠠ ᠬᠢᠬᠦ ᠶᠢ | ᠪᠠᠶᠠᠷᠯᠠᠨ ᠤᠭᠲᠤᠵᠤ ᠪᠠᠶᠢᠨ᠎ᠠ᠃ ᠪᠷᠠᠽᠢᠯ ᠤᠨ ᠬᠢᠨ ᠳᠤᠮᠳᠠᠳᠤ ᠤᠯᠤᠰ ᠯᠤᠭ᠎ᠠ ᠬᠤᠯᠪᠣᠯᠳᠤᠨ ᠨᠡᠪᠲᠡᠷᠡᠯᠴᠡᠬᠦ ᠪᠠ | ᠪᠠᠷᠠᠭᠠᠨ ᠤ ᠭᠦᠢᠯᠭᠡᠭᠡ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠪᠷᠠᠽᠢᠯ ᠳᠤᠮᠳᠠᠳᠤ ᠪᠣᠯᠣᠨ ᠯᠠᠲ᠋ᠢᠨ ᠠᠮᠧᠷᠢᠺᠠ | ᠳᠤᠮᠳᠠᠳᠤ ᠶᠢᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ ᠶᠢ ᠬᠦᠰᠡᠵᠦ ᠪᠠᠶᠢᠨ᠎ᠠ᠃ ᠪᠷᠠᠽᠢᠯ ᠤᠨ ᠬᠢᠨ ︽ | ᠰᠢᠨ᠎ᠡ ᠬᠦᠢᠲᠡᠨ ᠲᠠᠶᠢᠨ︾ ᠢ ᠡᠰᠡᠷᠭᠦᠴᠡᠵᠦ᠂ ᠳᠡᠯᠡᠬᠡᠢ ᠶᠢᠨ ᠤᠯᠠᠨ ᠲᠦᠢᠯᠵᠢᠯᠳᠠ ᠪᠣᠯᠣᠨ ᠡᠷᠬᠡ ᠲᠡᠭᠰᠢ ᠪᠠ | ᠬᠠᠷᠢᠯᠴᠠᠨ ᠬᠦᠨᠳᠦᠳᠬᠡᠬᠦ ᠳᠤ ᠰᠠᠭᠤᠷᠢᠯᠠᠭᠰᠠᠨ ᠪᠦᠭᠦ ᠪᠥᠮᠪᠥᠷᠴᠡᠭ ᠤᠨ ᠬᠠᠨᠢᠲᠠᠨ ᠤ ᠬᠠᠷᠢᠯᠴᠠᠭ᠎ᠠ ᠶᠢ ᠠᠬᠢᠭᠤᠯᠬᠤ ᠶᠢ | ᠰᠠᠨᠠᠭᠠᠴᠢᠯᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠠᠯᠳᠠᠨ | ᠲᠣᠭᠤᠰᠭ᠋᠎ᠠ ᠤᠯᠤᠰ ᠤᠳ᠂ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯ᠎ᠠ ᠶᠢᠨ ᠪᠣᠷᠣ ᠲᠥᠯᠥᠪ ᠤᠨ | ᠳᠣᠲᠣᠷ᠎ᠠ ᠣᠯᠣᠯᠴᠠᠭ᠎ᠠ ᠬᠠᠮᠵᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ ᠬᠥᠭᠵᠢᠵᠦ | ᠪᠠᠶᠢᠭ᠎ᠠ ᠤᠯᠤᠰ ᠤᠳ ᠤᠨ ᠪᠦᠭᠦ ᠪᠥᠮᠪᠥᠷᠴᠡᠭ ᠤᠨ ᠵᠠᠰᠠᠯᠲᠠ ᠳᠤᠮᠳᠠᠬᠢ ᠦᠭᠡ ᠬᠡᠯᠡᠬᠦ ᠡᠷᠬᠡ ᠪᠣᠯᠣᠨ ᠨᠥᠯᠥᠭᠡᠯᠡᠬᠦ | ᠬᠦᠴᠦᠨ ᠢ ᠳᠡᠭᠡᠭᠰᠢᠯᠡᠭᠦᠯᠦᠨ᠎ᠡ᠃ ᠪᠷᠠᠽᠢᠯ ᠤᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠦᠷᠭᠦᠯᠵᠢᠯᠡᠨ ᠤᠯᠠᠨ | ᠲᠠᠯ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠦᠺᠷᠠᠶᠢᠨ ᠤ ᠬᠢᠮᠤᠷᠠᠯ ᠵᠡᠷᠭᠡ ᠬᠠᠯᠠᠮᠰᠢᠯ ᠠᠰᠠᠭᠤᠳᠠᠯ ᠢ | ᠨᠠᠶᠢᠷᠠᠮᠳᠠᠯ ᠢᠶᠠᠷ ᠰᠢᠢᠳᠪᠦᠷᠢᠯᠡᠬᠦ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃ ᠲᠡᠷᠢᠭᠦᠯᠡᠭᠴᠢ | ᠰᠢ ᠶᠢᠨ ᠫᠢᠩ ᠤᠨ ᠡᠨᠡ ᠤᠳᠠᠭ᠎ᠠ ᠶᠢᠨ ᠠᠶᠢᠯᠴᠢᠯᠠᠯᠲᠠ ᠨᠢ ᠨᠢᠭᠡᠨᠲᠡ ᠪᠷᠠᠽᠢᠯ ᠳᠤᠮᠳᠠᠳᠤ ᠶᠢᠨ ᠬᠠᠷᠢᠯᠴᠠᠭᠠᠨ ᠤ | ᠲᠡᠦᠬᠡᠨ ᠳᠡᠭᠡᠷᠡᠬᠢ ᠰᠢᠨ᠎ᠡ ᠬᠥᠰᠢᠶ᠎ᠡ ᠲᠡᠮᠳᠡᠭ ᠪᠣᠯᠵᠤ᠂ ᠪᠷᠠᠽᠢᠯ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠨᠡᠭᠡᠭᠡᠵᠡᠢ ᠭᠡᠵᠦ ᠢᠯᠡᠷᠬᠡᠶᠢᠯᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠪᠦᠭᠦᠳᠠ ᠨᠠᠶᠢᠷᠠᠮᠳᠠᠬᠤ ᠳᠤᠮᠳᠠᠳᠤ | ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠬᠤᠯᠪᠣᠭᠠᠨ ᠤ ᠪᠷᠠᠽᠢᠯ ᠤᠯᠤᠰ ᠤᠨ ᠭᠠᠷ ᠬᠤᠯᠪᠣᠨ ᠨᠡᠩ ᠲᠥᠪ | ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ᠋ᠢᠴᠡ ᠪᠥᠮᠪᠥᠷᠴᠡᠭ ᠢ ᠪᠠᠶᠢᠭᠤᠯᠬᠤ ᠳᠤᠮᠳᠠᠳᠤ | ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ | ᠭᠠᠷ ᠤᠨ ᠦᠰᠦᠭ ᠵᠢᠷᠤᠪᠠ᠃ | ᠬᠤᠶᠠᠷ ᠤᠯᠤᠰ ᠤᠨ ᠲᠡᠷᠢᠭᠦᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠪᠣᠯᠣᠨ ᠪᠦᠭᠦᠳᠡ ᠨᠠᠶᠢᠷᠠᠮᠳᠠᠬᠤ ᠬᠤᠯᠪᠣᠭᠠᠨ ᠤ ᠪᠷᠠᠽᠢᠯ ᠤᠯᠤᠰ ᠤᠨ ᠵᠠᠰᠠᠭ ᠤᠨ ᠣᠷᠳᠣᠨ ᠤ ︿ᠨᠢᠭᠡ | ᠪᠦᠰᠡ ᠨᠢᠭᠡ ᠵᠠᠮ﹀ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ︿ᠨᠡᠮᠡᠭᠳᠡᠯ ᠢ ᠲᠦᠷᠭᠡᠳᠬᠡᠬᠦ | ᠲᠥᠯᠥᠪᠯᠡᠭᠡ﹀᠂ ︿ᠪᠷᠠᠽᠢᠯ ᠤᠨ ᠰᠢᠨ᠎ᠡ ᠠᠵᠤ ᠦᠢᠯᠡᠳᠪᠦᠷᠢ ᠶᠢᠨ ᠲᠥᠯᠥᠪᠯᠡᠭᠡ﹀᠂ ︿ᠠᠮᠢ ᠠᠬᠤᠢ ᠶᠢᠨ | ᠭᠡᠯᠪᠡᠷᠢ ᠶᠢ ᠬᠤᠪᠢᠷᠠᠭᠤᠯᠬᠤ ᠲᠥᠯᠥᠪᠯᠡᠭᠡ﹀᠂ ︿ᠡᠮᠦᠨᠡᠲᠦ ᠠᠮᠧᠷᠢᠺᠠ ᠶᠢ ᠨᠢᠭᠡ ᠴᠣᠭᠴᠠᠵᠢᠭᠤᠯᠬᠤ ᠵᠠᠮ | ᠱᠤᠭᠤᠮ ᠤᠨ ᠲᠥᠯᠥᠪᠯᠡᠭᠡ﹀ ᠲᠠᠢ ᠵᠣᠯᠭᠠᠭᠤᠯᠬᠤ ᠲᠤᠬᠠᠢ ᠬᠠᠮᠲᠤᠷᠠᠯᠴᠠᠭᠠᠨ ᠤ ᠲᠥᠯᠦᠪᠵᠢᠭᠦᠯᠭᠡ︾ ᠳᠤ ᠭᠠᠷ ᠤᠨ | ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠠᠶᠢᠯᠴᠢᠯᠠᠯᠲᠠ ᠶᠢᠨ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠪᠠᠰᠠ ᠠᠵᠤ ᠠᠬᠤᠢ ᠠᠷᠠᠯᠵᠢᠶ᠎ᠠ᠂ ᠪᠡᠯᠡ | ᠣᠷᠣᠭᠤᠯᠤᠯᠲᠠ᠂ ᠬᠥᠳᠡᠭᠡ ᠠᠵᠤ ᠠᠬᠤᠢ᠂ ᠲᠣᠭᠠᠴᠢᠯᠠᠭᠰᠠᠨ ᠠᠵᠤ ᠠᠬᠤᠢ᠂ ᠦᠷᠭᠦᠯᠵᠢᠯᠡᠬᠦ ᠬᠥᠭᠵᠢᠯᠲᠡ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠵᠣᠬᠢᠶᠠᠮᠠᠯ ᠣᠶᠤᠨ ᠴᠢᠳᠠᠪᠤᠷᠢ᠂ ᠪᠦᠭᠦ ᠪᠥᠮᠪᠥᠷᠴᠡᠭ ᠤᠨ | ᠬᠥᠭᠵᠢᠯᠲᠡ ᠶᠢᠨ ᠬᠠᠮᠲᠤᠷᠠᠯᠴᠠᠭ᠎ᠠ ᠵᠡᠷᠭᠡ ᠬᠦᠷᠢᠶᠡᠨ ᠳᠠᠬᠢ 30 ᠭᠠᠷᠤᠢ ᠵᠦᠢᠯ ᠤᠨ ᠬᠤᠶᠠᠷ ᠲᠠᠯ᠎ᠠ ᠶᠢᠨ | ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠪᠠ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | ︵ᠰᠢᠨᠬᠤᠸᠠ ᠬᠤᠷᠢᠶ᠎ᠠ ᠶᠢᠨ ᠪᠷᠠᠽᠢᠯᠢᠶ᠎ᠠ ᠶᠢᠨ 11 ᠰᠠᠷ᠎ᠠ ᠶᠢᠨ 20 ᠤ ᠴᠠᠭᠢᠯᠭᠠᠨ ᠮᠡᠳᠡᠭᠡ︶ | | |