ᠯᠢᠶᠠᠩᠴᠧᠩ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠥᠳᠡᠭᠡ ᠲᠣᠰᠬᠤᠨ ᠳᠤ ᠭᠦᠨᠵᠡᠭᠡᠶᠢᠷᠡᠨ ᠡᠪᠦᠯ ᠤᠨ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠡᠶ
ᠨᠡᠶᠢᠲᠡᠯᠡᠭᠰᠡᠨ ᠴᠠᠭ᠄
2024/11/25
  ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠬᠥᠳᠡᠭᠡ ᠲᠣᠰᠬᠤᠨ ᠤ ᠣᠯᠠᠨ ᠲᠦᠮᠡᠨ ᠤ ᠶᠠᠪᠤᠵᠤ ᠰᠠᠭᠤᠬᠤ ᠳᠠᠳᠬᠠᠯ ᠳᠤ ᠴᠢᠭᠯᠡᠭᠦᠯᠦᠨ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠤᠬᠠᠭᠤᠯᠭ᠎ᠠ ᠠᠷᠠᠳ ᠤᠨ ᠴᠠᠭᠳᠠᠭ᠎ᠠ ᠨᠠᠷ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠹᠢᠯᠢᠮ ᠨᠡᠪᠲᠡᠷᠡᠭᠦᠯᠬᠦ ᠵᠡᠷᠭᠡ ᠣᠯᠠᠨ ᠵᠤᠶᠢᠯ ᠤᠨ ᠬᠡᠯᠪᠡᠷᠢ ᠪᠠᠷ ᠳᠠᠮᠵᠢᠭᠤᠯᠤᠨ᠂ ᠲᠣᠰᠬᠤᠨ ᠤ ᠠᠷᠠᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠡᠪᠦᠯ ᠤᠨ ᠤᠯᠠᠷᠢᠯ ᠤᠨ ᠶᠠᠪᠤᠵᠤ ᠰᠠᠭᠤᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠡᠶ᠃
   ᠰᠠᠭᠤᠭᠠᠯᠢ ᠠᠷᠠᠳ ᠦ᠋ ᠹᠦ᠋ ᠼᠠᠩ    ᠡᠨᠡ ᠡᠳᠦᠷ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠮᠠᠨ ᠤ ᠲᠣᠰᠬᠤᠨ ᠳᠤ ᠢᠷᠡᠵᠦ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠢᠵᠡᠶ᠂ ᠪᠢᠳᠡ ᠪᠠᠰᠠ ᠡᠩ ᠤᠨ ᠦᠶ᠎ᠡ ᠳᠤ ᠶᠠᠪᠤᠵᠤ ᠰᠠᠭᠤᠬᠤ ᠳᠤ ᠠᠩᠬᠠᠷᠬᠤ ᠴᠢᠬᠤᠯᠠᠲᠠᠶ ᠤᠴᠢᠷ ᠶᠠᠪᠤᠳᠠᠯ ᠢ ᠲᠠᠨᠢᠵᠤ᠂ ᠬᠤᠶᠢᠰᠢᠳᠠ ᠵᠠᠮ ᠬᠠᠷᠢᠯᠴᠠᠭᠠᠨ ᠤ ᠲᠦᠷᠢᠮ ᠢ ᠵᠠᠪᠠᠯ ᠵᠢᠷᠤᠮᠯᠠᠬᠤ ᠬᠡᠷᠡᠭᠲᠡᠶ᠃    ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠠᠷᠠᠳ ᠤᠨ ᠴᠠᠭᠳᠠᠭ᠎ᠠ ᠪᠠᠰᠠ ᠳᠡᠷᠭᠡᠳᠡᠬᠢ ᠵᠠᠮ ᠬᠠᠷᠢᠯᠴᠠᠭᠠᠨ ᠤ ᠠᠳᠡᠯ ᠤᠨ ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠤᠨ᠂ ︽ᠳᠡᠷᠭᠡᠳᠡᠬᠢ ᠶᠠᠪᠤᠳᠠᠯ︾᠎ ᠢᠶᠠᠨ ᠰᠡᠷᠡᠮᠵᠢᠯᠡᠭᠦᠯᠵᠦ᠂ ᠣᠯᠠᠨ ᠢ ᠵᠠᠮ ᠬᠠᠷᠢᠯᠴᠠᠭᠠᠨ ᠤ ᠮᠠᠭᠤ ᠳᠠᠳᠬᠠᠯ ᠢ ᠲᠠᠶᠠᠭᠳᠠᠭᠤᠯᠵᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠢ ᠡᠰᠡᠷᠭᠦᠴᠡᠨ ᠬᠤᠷᠢᠭᠯᠠᠵᠤ᠂ ᠠᠳᠡᠯ ᠤᠨ ᠬᠠᠷᠠᠰᠠᠯᠳᠤ ᠰᠤᠷᠭᠠᠮᠵᠢ ᠶᠢ ᠨᠠᠷᠢᠨ ᠬᠢᠨᠠᠮᠠᠭᠠᠶ ᠰᠢᠩᠭᠡᠭᠡᠨ ᠠᠪᠴᠤ᠂ ᠪᠣᠯᠭᠤᠮᠵᠢᠲᠠᠶ ᠵᠢᠯᠣᠭᠤᠳᠴᠤ᠂ ᠠᠮᠤᠷ ᠲᠦᠪᠰᠢᠨ ᠢᠶᠠᠷ ᠬᠡᠷ ᠲᠡᠭᠡᠨ ᠬᠠᠷᠢᠬᠤ ᠶᠢ ᠪᠡᠶᠡᠯᠡᠭᠦᠯᠪᠡ᠃                                                 ᠨᠠᠶᠢᠷᠠᠭᠤᠯᠤᠭᠴᠢ᠄   ᠶᠠᠩ  ᠿᠦᠢ ᠵᠧᠨ                                                 ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2