ᠯᠢᠶᠠᠩᠴᠧᠩ ᠰᠢᠶᠠᠨ ᠤ ᠬᠤᠯᠪᠣᠭᠠᠲᠤ ᠬᠤᠷᠰᠢᠶ᠎ᠠ᠄ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾᠎ ᠤ ᠨᠠᠷᠢᠯᠢᠭ ᠣᠨᠣᠴᠠᠲᠠᠶ ᠪᠠᠷ ᠬᠦᠴᠦᠯᠡᠨ ᠴᠢᠷᠮᠠᠶᠢᠵᠤ ᠢᠲᠡᠭᠡᠮᠵᠢᠲᠦ ᠵᠢᠭᠡᠯᠡᠯᠭᠡ ᠲᠠᠯᠪᠢᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/11/25
   ᠡᠨᠡ ᠵᠢᠯ ᠠᠴᠠ ᠨᠠᠰᠢ᠂ ᠯᠢᠶᠠᠩᠴᠧᠩ ᠰᠢᠶᠠᠨ ᠤ ᠬᠤᠯᠪᠣᠭᠠᠲᠤ ᠬᠤᠷᠰᠢᠶ᠎ᠠ ᠲᠤᠬᠠᠶᠢᠯᠠᠭᠰᠠᠨ ᠠᠵᠢᠯ ᠤᠨ ᠬᠥᠭᠵᠢᠯᠲᠡ ᠬᠢᠭᠡᠳ ᠥᠭᠡᠷᠡᠴᠢᠯᠡᠯᠲᠡ ᠶᠢᠨ ᠳᠠᠭᠠᠳᠬᠠᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠰᠢᠶᠠᠨ ᠤ ᠬᠡᠪᠴᠢᠶᠡᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠢᠲᠡᠭᠡᠮᠵᠢᠲᠦ ᠵᠢᠭᠡᠯᠡᠯᠭᠡ ᠶᠢᠨ ᠤᠶᠢᠯᠡᠳᠭᠦᠨ ᠤ ᠰᠢᠨ᠎ᠡ ᠶᠢ ᠡᠭᠦᠳᠴᠦ᠂ ᠪᠠᠶᠢᠩᠭᠤᠵᠢᠭᠤᠯᠤᠨ ᠰᠤᠷᠪᠤᠯᠵᠢᠯᠠᠨ ᠵᠣᠯᠭᠠᠭᠤᠯᠵᠤ᠂ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾᠂ ᠵᠢᠵᠢᠭ ᠪᠢᠴᠢᠯ ᠠᠵᠤ ᠠᠬᠤᠶ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠢᠭᠡᠯᠡᠯᠭᠡ ᠡᠷᠭᠢᠯᠡᠬᠦ  ᠤᠶᠢᠯᠡᠴᠢᠯᠡᠭᠡ ᠶᠢ ᠰᠢᠯᠢᠳᠡᠭᠵᠢᠭᠦᠯᠦᠨ᠂ ᠢᠲᠡᠭᠡᠮᠵᠢᠲᠦ ᠵᠢᠭᠡᠯᠡᠯᠭᠡ ᠲᠠᠯᠪᠢᠬᠤ ᠲᠤᠭ᠎ᠠ ᠬᠡᠮᠵᠢᠶ᠎ᠡ ᠶᠢᠨ ᠵᠦᠶ ᠵᠣᠬᠢᠰᠲᠠᠶ ᠨᠡᠮᠡᠭᠳᠡᠯ ᠪᠠ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠶᠢ ᠬᠦᠴᠦᠯᠡᠨ ᠠᠬᠢᠭᠤᠯᠪᠠ᠃     ᠤᠶᠢᠷ᠎ᠠ ᠶᠢᠨ ᠡᠳᠦᠷ᠂ ᠰᠤᠷᠪᠤᠯᠵᠢᠯᠠᠭᠴᠢ ᠢᠲᠡᠭᠡᠮᠵᠢᠲᠦ ᠵᠢᠭᠡᠯᠡᠯᠭᠡ ᠲᠠᠯᠪᠢᠭᠴᠢ ᠶᠢᠨ ᠥᠪᠥᠷ ᠮᠣᠩᠭᠤᠯ ᠤᠨ ᠴᠢᠤᠸᠠᠨ ᠺᠠᠢ ᠲᠠᠷᠢᠶᠠᠯᠠᠩ ᠮᠠᠯ ᠠᠵᠤ ᠠᠬᠤᠢ ᠶᠢᠨ  ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠣᠷᠣᠬᠤ ᠶᠢ ᠳᠠᠭᠠᠯᠳᠤᠨ᠂ ᠺᠣᠮᠫᠠᠨᠢ ᠶᠢᠨ ᠬᠠᠲᠠᠭᠠᠬᠤ ᠲᠣᠭᠤᠷᠢᠭ ᠨᠢ ᠬᠤᠳᠠᠯᠳᠤᠬᠤ ᠶᠢ ᠬᠦᠯᠢᠶᠡᠵᠦ ᠪᠠᠢᠭ᠎ᠠ ᠬᠠᠪᠲᠠᠰᠤ ᠬᠥᠬᠡ ᠦᠨᠳᠦᠰᠦ ᠣᠪᠣᠭᠠᠯᠠᠵᠤ᠂ ᠬᠠᠷᠢᠭᠤᠴᠠᠯᠭᠠᠲᠠᠨ ᠵᠠᠩ ᠪᠤᠤ ᠬᠦᠢ ᠪᠣᠯᠤᠨ ᠠᠵᠢᠯᠴᠢᠨ ᠶᠠᠭ  ᠶᠠᠭᠠᠷᠠᠯᠳᠤᠵᠦ ᠪᠠᠶᠢᠨ᠎ᠠ᠃ ᠵᠠᠩ ᠪᠦᠦ ᠬᠦᠶ 2021 ᠣᠨ ᠠᠴᠠ ᠡᠬᠢᠯᠡᠨ ᠬᠢᠲᠠᠳ ᠡᠮ ᠤᠨ ᠮᠠᠲ᠋ᠧᠷᠢᠶᠠᠯ ᠢ ᠲᠤᠷᠰᠢᠨ ᠲᠠᠷᠢᠵᠤ᠂ ᠡᠬᠢᠯᠡᠭᠦᠯᠦᠭᠰᠡᠨ ᠪᠠᠯᠠ ᠮᠥᠩᠭᠦ ᠨᠡᠯᠢᠶᠡᠳ ᠶᠡᠭᠡ ᠪᠣᠯᠤᠭᠰᠠᠨ ᠠᠴᠠ ᠪᠣᠯᠵᠣ ᠶᠠᠭ ᠨᠢᠭᠡ ᠵᠦᠢᠯ ᠤᠨ ᠦᠵᠡᠭᠦᠯᠦᠯᠭᠡ ᠶᠢᠨ ᠠᠷᠭ᠎ᠠ ᠥᠬᠡᠶ ᠪᠣᠯᠵᠣ ᠪᠠᠶᠢᠪᠠᠯ᠂ ᠢᠲᠡᠭᠡᠮᠵᠢᠲᠦ ᠵᠢᠭᠡᠯᠡᠯᠭᠡ ᠲᠠᠯᠪᠢᠭᠴᠢ ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ ᠦᠢᠯᠡᠴᠢᠯᠡᠨ᠂ ᠲᠡᠭᠦᠨ ᠳᠤ ᠵᠢᠭᠡᠯᠡᠯᠭᠡ ᠠᠪᠴᠤ ᠥᠭᠴᠦ ᠂ ᠲᠡᠭᠦᠨ ᠢ ᠬᠠᠪᠰᠤᠷᠤᠨ ᠬᠦᠴᠢᠷ ᠢ ᠳᠤᠭᠤᠯᠵᠤ ᠥᠭᠪᠡ᠃ ᠡᠨᠡ ᠬᠡᠳᠦᠨ ᠵᠢᠯ ᠳᠤ᠂ ᠲᠤᠷᠰᠢᠯᠭ᠎ᠠ ᠵᠢᠴᠢ ᠰᠢᠨᠵᠢᠯᠡᠬᠦ ᠤᠬᠠᠭᠠᠨᠴᠢ ᠲᠠᠷᠢᠶᠠᠨ ᠭᠠᠵᠠᠷ ᠤᠨ ᠬᠠᠮᠢᠶᠠᠷᠤᠯᠲᠠ ᠶᠢ ᠲᠠᠰᠤᠷᠠᠯᠲᠠ ᠦᠭᠡᠢ ᠳ᠋ᠦᠩᠨᠡᠬᠦ ᠪᠠᠷ ᠳᠠᠮᠵᠢᠨ᠂ ᠵᠠᠩ ᠬᠦᠶ ᠬᠤᠪᠣᠷ ᠨᠠᠨᠳᠢᠨ ᠳᠠᠷᠢᠬᠤ ᠲᠠᠯᠠᠪᠠᠶ ᠬᠠᠮᠤᠭ ᠤᠨ ᠠᠩᠬᠠᠨ ᠤ 400 ᠮᠥ ᠠᠴᠠ ᠡᠳᠦᠭᠡ 800 ᠭᠠᠷᠤᠶ ᠮᠥ ᠬᠦᠷᠲᠡᠯ᠎ᠡ ᠥᠷᠭᠡᠳᠬᠡᠵᠦ᠂ ᠲᠠᠷᠢᠭᠰᠠᠨ ᠬᠠᠪᠲᠠᠰᠤᠨ ᠬᠥᠬᠡ ᠦᠨᠳᠦᠰᠦ᠂ ᠬᠤᠨᠴᠢᠷ ᠵᠡᠷᠭᠡ ᠡᠮ ᠤᠨ ᠮᠠᠲ᠋ᠧᠷᠢᠶᠠᠯ ᠨᠢ ᠴᠦ ᠡᠯ᠎ᠡ ᠭᠠᠵᠠᠷ ᠤᠨ ᠬᠡᠷᠡᠭᠯᠡᠭᠴᠢᠳ ᠤᠨ ᠵᠥᠪᠰᠢᠶᠡᠷᠡᠯ ᠢ ᠣᠯᠤᠭᠰᠠᠨ ᠪᠠᠶᠢᠨ᠎ᠠ᠃ ︽ᠯᠢᠶᠠᠩᠴᠧᠩ ᠰᠢᠶᠠᠨ ᠤ ᠢᠲᠡᠭᠡᠮᠵᠢ ᠶᠢᠨ ᠬᠤᠷᠰᠢᠶ᠎ᠠ ᠨᠢ ᠮᠠᠨ ᠤ ᠺᠣᠮᠫᠠᠨᠢ ᠶᠢ ᠮᠠᠰᠢ ᠶᠡᠭᠡ ᠲᠡᠳᠬᠦᠵᠦ᠂ ᠢᠲᠡᠭᠡᠮᠵᠢᠲᠦ ᠵᠢᠭᠡᠯᠡᠯᠭᠡ ᠲᠠᠯᠪᠢᠭᠴᠢ ᠬᠡᠷ ᠲᠤᠨᠢ ᠬᠦᠷᠴᠦ  ᠤᠶᠢᠯᠡᠴᠢᠯᠡᠵᠦ᠂ ᠨᠠᠳᠠ ᠳᠤ 300 ᠲᠦᠮᠡᠨ ᠵᠢᠭᠡᠯᠡᠯᠭᠡ ᠥᠭᠴᠦ᠂ ᠪᠠᠯᠠ ᠮᠥᠩᠭᠦ ᠶᠢᠨ ᠡᠷᠭᠢᠯᠲᠡ ᠳᠤ ᠬᠡᠷᠡᠭᠯᠡᠵᠡᠶ᠂ ᠮᠠᠨ ᠤ ᠠᠳᠡ ᠡᠨᠡ ᠵᠢᠯ ᠤᠨ ᠲᠠᠷᠢᠭᠰᠠᠨ ᠬᠤᠨᠴᠢᠷ᠂ ᠬᠠᠪᠲᠠᠰᠤᠨ ᠬᠥᠬᠡ ᠦᠨᠳᠦᠰᠦ᠂ ᠣᠳᠣᠬᠠᠨ ᠳᠤ ᠦᠷ᠎ᠡ ᠠᠰᠢᠭ ᠮᠠᠰᠢ ᠰᠠᠶᠢᠨ ᠪᠠᠶᠢᠵᠤ᠂ ᠬᠤᠯᠪᠣᠭᠠᠲᠤ ᠬᠤᠷᠰᠢᠶ᠎ᠠ ᠨᠢ ᠨᠠᠳᠠ ᠳᠤ ᠮᠠᠰᠢ ᠶᠡᠭᠡ ᠬᠠᠪᠰᠤᠷᠤᠯᠭ᠎ᠠ ᠦᠵᠡᠭᠦᠯᠪᠡ᠃ ᠬᠤᠯᠪᠣᠭᠠᠲᠤ ᠬᠤᠷᠰᠢᠶᠠᠨ ᠤ ᠳᠡᠮᠵᠢᠯᠭᠡ ᠳᠣᠣᠷ᠎ᠠ᠂ ᠠᠵᠤ ᠠᠬᠤᠢᠯᠠᠯ ᠤᠯᠠᠮ ᠰᠠᠢᠨ ᠪᠣᠯᠬᠤ ᠪᠣᠯᠣᠨ᠎ᠠ ᠭᠡᠵᠦ ᠪᠢ ᠢᠲᠡᠭᠡᠵᠦ ᠪᠠᠢᠨ᠎ᠠ᠃    ᠣᠲᠣ ᠪᠣᠯᠲᠠᠯ᠎ᠠ᠂ ᠯᠢᠶᠠᠩᠴᠧᠩ ᠰᠢᠶᠠᠨ ᠤ ᠬᠤᠯᠪᠣᠭᠠᠲᠤ ᠬᠤᠷᠰᠢᠶ᠎ᠠ ᠶᠢᠨ ᠡᠯ᠎ᠡ  ᠵᠤᠶᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 26.03 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 0.79 ᠳ᠋ᠦᠩᠰᠢᠭᠤᠷ ᠲᠥᠭᠦᠷᠢᠭ ᠨᠡᠮᠡᠭᠳᠡᠪᠡ᠃ ᠯᠢᠶᠠᠩᠴᠧᠩ ᠰᠢᠶᠠᠨ ᠤ ᠬᠤᠯᠪᠣᠭᠠᠲᠤ ᠬᠤᠷᠰᠢᠶ᠎ᠠ ᠶᠢᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠬᠡᠯᠲᠡᠰ ᠤᠨ ᠳᠠᠭᠠᠭᠠᠮᠠᠯ ᠸᠠᠩ ᠰᠢᠨ ᠢᠦᠶ ᠬᠡᠯᠡᠬᠦ ᠳᠡᠭᠡᠨ᠄ ︽ᠲᠠᠷᠠᠭᠠᠴᠢ ᠶᠢᠨ ᠠᠯᠬᠤᠮ ᠳᠤ᠂ ᠯᠢᠶᠠᠩᠴᠧᠩ ᠰᠢᠶᠠᠨ ᠤ ᠬᠤᠯᠪᠣᠭᠠᠲᠤ ᠬᠤᠷᠰᠢᠶ᠎ᠠ ᠰᠢᠶᠠᠨ ᠤ ᠬᠡᠪᠴᠢᠶᠡᠨ ᠳᠤ ᠰᠠᠭᠤᠷᠢᠯᠠᠨ᠂ ᠲᠣᠰ ᠢᠷᠡᠯᠲᠡ ᠶᠢ ᠪᠠᠲᠤ ᠰᠠᠬᠢᠵᠤ᠂ ᠣᠷᠣᠨ ᠨᠤᠲᠤᠭ ᠤᠨ ᠪᠠᠩᠬᠢ ᠶᠢᠨ ᠣᠨᠴᠠᠯᠢᠭ ᠢ ᠭᠦᠢᠴᠡᠳ ᠪᠠᠳᠠᠷᠠᠭᠤᠯᠤᠨ᠂ ᠲᠦᠭᠡᠮᠡᠯ ᠬᠠᠷᠠᠭᠠᠯᠵᠠᠯ ᠤᠨ ᠮᠥᠩᠭᠦᠨ  ᠭᠦᠢᠯᠭᠡᠭᠡᠨ ᠤ ᠣᠨᠣᠯᠵᠢᠬᠤᠨ ᠢ ᠭᠦᠨᠵᠡᠭᠡᠶ  ᠤᠶᠢᠯᠡᠳᠤᠯᠭᠡᠵᠢᠭᠦᠯᠵᠦ᠂ ᠨᠠᠩ ᠣᠯᠠᠨ ᠮᠥᠩᠭᠦᠨ  ᠭᠦᠢᠯᠭᠡᠭᠡᠨ ᠤ ᠠᠮᠢᠳᠤᠯᠢᠭ ᠤᠰᠤ ᠶᠢ ᠰᠢᠶᠠᠨ ᠤ ᠬᠡᠪᠴᠢᠶᠡᠨ ᠳᠤ ᠰᠢᠯᠵᠢᠭᠦᠯᠦᠨ ᠣᠷᠣᠭᠤᠯᠤᠨ᠎ᠠ︾ ᠭᠡᠵᠡᠶ᠃                                         ᠨᠠᠶᠢᠷᠠᠭᠤᠯᠤᠭᠴᠢ᠄   ᠶᠠᠩ  ᠿᠦᠢ ᠵᠧᠨ                                         ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2