ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/29
 11 ᠰᠠᠷ᠎ᠠ ᠶᠢᠨ 27᠎ ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠶᠢᠷ᠎ᠠ ᠶᠢᠨ ᠬᠤᠭᠤᠴᠠᠭᠠᠨ ᠤ ᠬᠢᠨᠠᠨ ᠵᠢᠯᠣᠭᠤᠳᠴᠤ ᠪᠠᠶᠢᠴᠠᠭᠠᠭᠰᠠᠨ ᠪᠠᠶᠢᠳᠠᠯ ᠢ ᠮᠡᠳᠡᠭᠳᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠬᠤᠷᠠᠯ ᠡᠷᠭᠢᠯᠡᠵᠦ᠂ ᠰᠢᠶᠠᠨ ᠤ ᠤᠳᠤᠷᠢᠳᠤᠯᠭ᠎ᠠ ᠯᠢ ᡁᠢ ᠭᠠᠩ᠂ ᠸᠠᠩ ᠵᠢᠶᠦ᠋ᠨ ᠶᠦᠩ᠂ ᠹᠧᠩ ᠵᠢᠶᠦ᠋ᠨ᠂ ᠵᠠᠶ ᠵᠢᠶ ᠴᠢᠩ᠂ ᠸᠠᠩ ᠯᠸᠢ᠂ ᠴᠧᠨ ᠰᠢᠶᠤᠤ ᠹᠧᠩ ᠬᠤᠷᠠᠯ ᠳᠤ ᠣᠷᠣᠯᠴᠠᠵᠠᠶ᠃    ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠦᠨᠡᠨᠬᠦ ᠰᠠᠶᠢᠲᠤᠷ ᠬᠢᠵᠦ᠂ ᠰᠢᠯᠲᠠᠭ ᠡᠷᠢᠬᠦ ᠦᠭᠡᠢ ᠣᠪᠣᠷ᠂ ᠬᠠᠷᠠᠮᠰᠠᠯ ᠦᠭᠡᠢ ᠡᠷᠡᠰ ᠵᠣᠷᠢᠭ᠂ ᠴᠠᠭ ᠮᠥᠴᠡ ᠶᠢ ᠠᠯᠳᠠᠯ ᠦᠭᠡᠢ ᠲᠡᠮᠡᠴᠡᠬᠦ ᠡᠷᠴᠢ ᠵᠣᠷᠢᠭ ᠢᠶᠠᠷ ᠣᠷᠣᠰᠢᠵᠤ ᠪᠠᠶᠢᠭ᠎ᠠ ᠠᠰᠠᠭᠤᠳᠠᠯ ᠪᠠ ᠳᠤᠲᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠥᠨᠳᠥᠷ ᠬᠤᠪᠢ ᠶᠢᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠬᠢᠨᠠᠨ ᠰᠢᠯᠭᠠᠬᠤ ᠭᠦᠢᠴᠡᠳᠬᠡᠬᠦ ᠲᠤᠭ᠎ᠠ ᠶᠢ ᠬᠢᠨᠠᠮᠠᠭᠠᠶ ᠰᠠᠶᠢᠲᠤᠷ ᠵᠠᠳᠠᠯᠵᠤ᠂ ᠡᠭᠦᠷᠭᠡ ᠶᠢ ᠲᠣᠳᠣᠷᠬᠠᠶ ᠪᠣᠯᠭᠠᠨ᠂ ᠬᠠᠷᠢᠭᠤᠴᠠᠯᠭ᠎ᠠ ᠶᠢ ᠬᠥᠮᠦᠨ ᠳᠤᠨᠢ ᠬᠦᠷᠲᠡᠯ᠎ᠡ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠨᠢᠭᠡ ᠨᠢᠭᠡ ᠪᠠᠷ ᠡᠮᠬᠢᠯᠡᠵᠦ᠂ ᠪᠣᠳᠠᠲᠠᠶ ᠨᠠᠶᠢᠳᠠᠪᠤᠷᠢᠵᠢᠭᠤᠯᠵᠤ᠂ ᠤᠬᠠᠭᠤᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠲᠦᠷᠦᠯ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ᠂ ᠬᠢᠨᠠᠨ ᠰᠢᠯᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠲᠤᠭ᠎ᠠ ᠪᠠᠷᠢᠮᠲᠠ ᠶᠢᠨ ᠶᠠᠰᠤ ᠴᠢᠨᠠᠷ ᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠠᠵᠢᠯᠳᠠᠨ ᠤ ᠲᠣᠰᠬᠤᠨ ᠳᠤ ᠠᠵᠢᠯ ᠤᠨ ᠪᠠᠶᠢᠷᠢ ᠳᠤ ᠪᠠᠶᠢᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠲᠤᠯᠠᠵᠤ᠂ ᠤᠯᠠᠨ ᠲᠦᠮᠡᠨ ᠤ ᠣᠶᠢᠯᠠᠭᠠᠬᠤ ᠨᠤᠷᠮ᠎ᠠ ᠪᠣᠯᠤᠨ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠨᠢᠭᠲᠠ ᠨᠡᠪᠲᠡᠷᠡᠯᠴᠡᠵᠦ᠂ ᠢᠳᠡᠪᠬᠢᠲᠡᠢ ᠬᠠᠮᠵᠢᠯᠴᠠᠵᠤ᠂ ᠬᠠᠮᠲᠤᠪᠠᠷ ᠣᠷᠣᠯᠴᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃                                       ᠨᠠᠶᠢᠷᠠᠭᠤᠯᠤᠭᠴᠢ᠄   ᠴᠧᠨ ᠰᠢᠶᠤᠤ ᠵᠢᠤᠸᠠᠨ                                       ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2