ᠰᠢ ᠶᠢᠨ ᠫᠢᠩ ᠰᠠᠮᠤᠶᠠ ᠶᠢᠨ ᠶᠡᠷᠦᠩᠬᠡᠢ ᠰᠠᠶᠢᠳ ᠹᠢᠶᠠᠮᠸᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/11/29
 ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 26 ᠤ ᠴᠠᠭᠢᠯᠭᠠᠨ ᠮᠡᠳᠡᠭᠡ 11 ᠰᠠᠷ᠎ᠠ ᠶᠢᠨ 26 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠠᠮᠤᠶᠠ ᠶᠢᠨ ᠶᠡᠷᠦᠩᠬᠡᠢ ᠰᠠᠶᠢᠳ ᠹᠢᠶᠠᠮᠸᠢ ᠲᠠᠢ ᠠᠭᠤᠯᠵᠠᠪᠠ᠃  
      11 ᠰᠠᠷ᠎ᠠ ᠶᠢᠨ 26 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠠᠮᠤᠶᠠ ᠶᠢᠨ ᠶᠡᠷᠦᠩᠬᠡᠢ ᠰᠠᠶᠢᠳ ᠹᠢᠶᠠᠮᠸᠢ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ    ᠰᠢ ᠶᠢᠨ ᠫᠢᠩ᠂ ᠨᠣᠮᠣᠬᠠᠨ ᠲᠠᠯᠠᠢ ᠶᠢᠨ ᠠᠷᠠᠯᠲᠤ ᠤᠯᠤᠰ ᠤᠨ ᠳᠣᠲᠣᠷ᠎ᠠ ᠰᠠᠮᠤᠶᠠ ᠪᠣᠯ ᠰᠢᠨ᠎ᠡ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠩᠬᠠᠨ ᠤ ᠪᠦᠯᠦᠭ ᠤᠯᠤᠰ ᠤᠨ ᠨᠢᠭᠡ ᠪᠣᠯᠣᠨ᠎ᠠ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠰᠢᠬᠠᠮ ᠵᠢᠯ ᠤᠨ ᠲᠤᠷᠰᠢ᠂ ᠬᠤᠶᠠᠷ ᠤᠯᠤᠰ ᠢᠶᠠᠷ ᠢᠶᠠᠨ ᠤᠯᠠᠮᠵᠢᠯᠠᠯᠲᠤ ᠨᠥᠬᠦᠷᠯᠡᠯ ᠢᠶᠠᠨ ᠪᠠᠲᠤᠯᠠᠵᠤ᠂ ᠢᠮᠠᠭᠲᠠ ᠬᠠᠷᠢᠯᠴᠠᠨ ᠭᠦᠨᠳᠦᠳᠭᠡᠵᠦ᠂ ᠡᠷᠬᠡ ᠲᠡᠭᠰᠢ ᠪᠠᠷ ᠬᠠᠨᠳᠤᠵᠤ ᠂ ᠬᠠᠮᠲᠤᠷᠠᠯᠴᠠᠵᠤ ᠬᠠᠮᠲᠤ ᠪᠠᠷ ᠠᠰᠢᠭ ᠭᠥᠷᠳᠡᠭᠰᠡᠭᠡᠷ ᠢᠷᠡᠵᠠᠢ᠃ ᠳᠤᠮᠳᠠᠳᠤ ᠤᠯᠤᠰ ᠲᠣᠮᠣ ᠤᠯᠤᠰ ᠵᠢᠵᠢᠭ ᠤᠯᠤᠰ ᠭᠡᠰᠡᠨ ᠦᠭᠡᠢ ᠴᠥᠮ ᠡᠷᠬᠡ ᠲᠡᠭᠰᠢ ᠪᠠᠶᠢᠬᠤ᠂ ᠴᠥᠮ ᠪᠡᠶ᠎ᠡ ᠪᠠᠨ ᠳᠠᠭᠠᠭᠠᠵᠤ ᠡᠵᠡᠨ ᠮᠡᠳᠡᠨ ᠣᠳᠣᠬᠢᠴᠢᠯᠠᠯᠲᠠ ᠶᠢ ᠪᠡᠶᠡᠯᠡᠭᠦᠯᠬᠦ ᠡᠷᠬᠡ ᠲᠠᠢ ᠭᠡᠳᠡᠭ ᠢ ᠢᠮᠠᠭᠲᠠ ᠰᠠᠨᠠᠭᠠᠴᠢᠯᠠᠭᠰᠠᠭᠠᠷ ᠢᠷᠡᠭᠰᠡᠨ ᠶᠤᠮ᠃ ᠳᠤᠮᠳᠠᠳᠤ ᠤᠯᠤᠰ ᠰᠠᠮᠤᠶᠠ ᠶᠢᠨ ᠬᠢᠨ ᠤ ᠲᠤᠰ ᠤᠯᠤᠰ ᠤᠨ ᠢᠶᠠᠨ ᠡᠷᠬᠡ ᠮᠡᠳᠡᠯ ᠪᠣᠯᠣᠨ ᠲᠤᠰᠠᠭᠠᠷ ᠲᠣᠭᠲᠠᠨᠢᠯ ᠢᠶᠠᠨ ᠬᠠᠮᠠᠭᠠᠯᠠᠵᠤ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢ ᠪᠡᠶ᠎ᠡ ᠪᠠᠨ ᠳᠠᠭᠠᠭᠠᠨ ᠰᠦᠪᠡᠭᠴᠢᠯᠡᠬᠦ ᠶᠢ ᠡᠷᠡᠰ ᠲᠡᠮᠵᠢᠵᠥ᠂ ᠳᠤᠷᠠᠲᠠᠶ᠎ᠠ ᠰᠠᠮᠤᠶᠠ ᠶᠢᠨ ᠬᠢᠨ ᠲᠠᠢ ᠬᠠᠷᠢᠯᠴᠠᠨ ᠭᠦᠨᠳᠦᠳᠭᠡᠵᠦ ᠬᠠᠷᠢᠯᠴᠠᠨ ᠢᠲᠡᠭᠡᠬᠦ ᠶᠢ ᠪᠠᠷᠢᠮᠲᠠᠯᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠪᠠ ᠬᠥᠭᠵᠢᠯᠲᠡ ᠶᠢᠨ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠪᠣᠷᠣ ᠲᠥᠯᠥᠪ ᠤᠨ ᠳᠣᠲᠣᠷ᠎ᠠ ᠰᠠᠮᠤᠶᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠷᠭᠦᠯᠵᠢᠯᠡᠨ ᠳᠡᠮᠵᠢᠯᠭᠡ ᠬᠠᠩᠭᠠᠵᠤ᠂ ᠠᠵᠤ ᠠᠬᠤᠢ ᠠᠷᠠᠯᠵᠢᠶ᠎ᠠ᠂ ᠪᠡᠯᠡ ᠣᠷᠣᠭᠤᠯᠤᠯᠲᠠ᠂ ᠲᠠᠷᠢᠶᠠᠯᠠᠩ ᠵᠢᠭᠠᠰᠤᠨ ᠤ ᠦᠢᠯᠡᠰ ᠵᠡᠷᠭᠡ ᠬᠦᠷᠢᠶᠡᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠵᠦ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠦᠨ᠎ᠡ᠃ ᠬᠤᠶᠠᠷ ᠲᠠᠯ᠎ᠠ ᠪᠠᠷ ᠢᠶᠠᠨ ᠪᠣᠯᠪᠠᠰᠤᠨ ᠢᠶᠠᠨ ᠬᠠᠷᠢᠯᠴᠠᠨ ᠲᠣᠯᠢᠯᠠᠬᠤ ᠶᠢ ᠠᠬᠢᠭᠤᠯᠵᠤ᠂ ᠰᠤᠷᠭᠠᠨ ᠬᠥᠮᠦᠵᠢᠯ᠂ ᠰᠣᠶᠣᠯ᠂ ᠵᠠᠯᠠᠭᠤᠴᠤᠳ ᠵᠡᠷᠭᠡ ᠰᠣᠶᠣᠯ ᠢᠷᠭᠡᠨᠰᠢᠯ ᠤᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠰᠠᠮᠤᠶᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠶ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠳᠤᠮᠳᠠᠳᠤ ᠤᠯᠤᠰ ᠨᠣᠮᠣᠬᠠᠨ ᠲᠠᠯᠠᠢ ᠶᠢᠨ ᠠᠷᠠᠯᠲᠤ ᠤᠯᠤᠰ ᠤᠳ ᠲᠤ ︽ᠳᠥᠷᠪᠡ ᠶᠢ ᠭᠦᠢᠴᠡᠳ ᠬᠦᠨᠳᠦᠳᠬᠡᠬᠦ︾ ᠵᠠᠷᠴᠢᠮ ᠢ ᠪᠠᠷᠢᠮᠲᠠᠯᠠᠵᠤ᠂ ᠨᠣᠮᠣᠬᠠᠨ ᠲᠠᠯᠠᠢ ᠶᠢᠨ ᠠᠷᠠᠯᠲᠤ ᠤᠯᠤᠰ ᠤᠳ ᠲᠤ ᠬᠠᠪᠰᠤᠷᠤᠯᠭ᠎ᠠ ᠦᠵᠡᠭᠦᠯᠭᠦ ᠳᠤ ᠤᠯᠤᠰ ᠲᠦᠷᠦ ᠶᠢᠨ ᠨᠥᠬᠦᠴᠡᠯ ᠳᠠᠭᠠᠯᠳᠤᠭᠤᠯᠬᠤ ᠦᠭᠡᠢ᠂ ᠠᠯᠪᠠᠳᠠᠯᠭ᠎ᠠ ᠪᠠᠷ ᠲᠤᠯᠭᠠᠬᠤ ᠦᠭᠡᠢ᠂ ︽ᠬᠤᠭᠤᠰᠤᠨ ᠠᠮᠠᠯᠠᠯᠲᠠ︾ ᠬᠢᠬᠦ ᠦᠭᠡᠢ᠃ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠲᠤ ᠠᠪᠬᠤ ᠳᠤᠮᠳᠠᠳᠤ ᠤᠯᠤᠰ ᠤᠨ ᠲᠦᠷᠦ ᠶᠢᠨ ᠪᠣᠳᠣᠯᠭ᠎ᠠ ᠨᠡᠭᠡᠭᠡᠯᠲᠡᠲᠡᠢ ᠪᠠᠭᠲᠠᠭᠠᠮᠵᠢᠲᠠᠢ ᠪᠠᠶᠢᠵᠤ᠂ ᠠᠮᠢᠨᠴᠢᠷ ᠰᠠᠨᠠᠭ᠎ᠠ ᠦᠭᠡᠢ᠂ ᠭᠤᠷᠪᠠᠳᠤᠭᠠᠷ ᠡᠲᠡᠭᠡᠳ ᠲᠤ ᠴᠢᠭᠯᠡᠭᠦᠯᠬᠦ ᠦᠭᠡᠢ᠂ ᠭᠠᠵᠠᠷ ᠣᠷᠣᠨ ᠤ ᠪᠤᠯᠢᠶᠠᠯᠳᠤᠭᠠᠨ ᠪᠠ ᠡᠷᠬᠡᠰᠢᠶᠡᠯ ᠤᠨ ᠬᠦᠷᠢᠶ᠎ᠡ ᠬᠡᠪᠴᠢᠶ᠎ᠡ ᠭᠠᠷᠭᠠᠬᠤ ᠦᠭᠡᠢ᠃ ᠳᠤᠮᠳᠠᠳᠤ ᠤᠯᠤᠰ ᠳᠤᠷᠠᠲᠠᠶ᠎ᠠ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠢ ᠬᠠᠪᠰᠤᠷᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠭᠦ ᠶᠢ ᠤᠷᠢᠳ ᠢᠶᠠᠷ ᠬᠠᠮᠲᠤᠷᠠᠯᠴᠠᠬᠤ ᠬᠦᠷᠢᠶ᠎ᠡ ᠪᠤᠯᠭᠠᠵᠤ᠂ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ︾ ᠵᠢᠴᠢ ︽ᠫᠠᠷᠢᠰ ᠤᠨ ᠬᠡᠯᠡᠯᠴᠡᠭᠡᠷ︾ ᠢ ᠪᠦᠭᠦ ᠲᠠᠯ᠎ᠠ ᠪᠠᠷ ᠪᠦᠲᠦᠮᠵᠢᠲᠡᠢ ᠬᠡᠷᠡᠭᠵᠢᠭᠦᠯᠬᠦ ᠶᠢ ᠠᠬᠢᠭᠤᠯᠵᠤ᠂ ᠬᠠᠮᠲᠤ ᠶᠢᠨ ᠪᠤᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠬᠠᠮᠠᠭᠠᠯᠠᠵᠤ᠂ ᠲᠥᠪ ᠭᠤᠣᠯᠴᠢ ᠰᠢᠳᠤᠷᠭᠤ ᠶᠣᠰᠣ ᠪᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠭᠠᠷ ᠬᠤᠯᠪᠣᠯᠴᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠴᠢᠬᠤᠯᠠᠴᠢᠯᠠᠪᠠ᠃  
     11 ᠰᠠᠷ᠎ᠠ ᠶᠢᠨ 26 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠠᠮᠤᠶᠠ ᠶᠢᠨ ᠶᠡᠷᠦᠩᠬᠡᠢ ᠰᠠᠶᠢᠳ ᠹᠢᠶᠠᠮᠸᠢ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠯᠢ ᠰᠢᠶᠠᠩ ᠰᠡᠭᠦᠳᠡᠷᠯᠡᠪᠡ    ᠹᠢᠶᠠᠮᠸᠢ᠂ ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠯᠤᠲᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠣᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠤ ᠥᠯᠢᠭᠡᠷ ᠳᠠᠭᠤᠷᠢᠶᠠᠯ ᠪᠣᠯᠪᠠ᠂ ᠰᠠᠮᠤᠶᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠢᠯᠠᠩᠭᠤᠶ᠎ᠠ ᠲᠡᠷᠢᠭᠦᠯᠡᠭᠴᠢ ᠰᠢ ᠶᠢᠨ ᠫᠢᠩ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠪᠣᠬᠢᠷᠳᠤᠯ ᠦᠭᠡᠢ ᠬᠥᠭᠵᠢᠯᠲᠡ ᠵᠡᠷᠭᠡ ᠲᠥᠷᠥ ᠶᠢ ᠵᠠᠰᠠᠵᠤ ᠵᠠᠰᠠᠭ ᠢ ᠡᠷᠭᠢᠯᠡᠭᠦ ᠬᠤᠯᠪᠣᠭᠳᠠᠯ ᠪᠦᠬᠦᠢ ᠲᠤᠷᠰᠢᠯᠭ᠎ᠠ ᠶᠢ ᠰᠤᠷᠤᠯᠴᠠᠨ ᠲᠣᠯᠢ ᠪᠣᠯᠭᠠᠨ᠎ᠠ᠃ ᠳᠤᠮᠳᠠᠳᠤ ᠤᠯᠤᠰ ᠤᠨ ᠣᠷᠳᠣ ᠬᠤᠭᠤᠴᠠᠭᠠᠨ ᠤ ᠲᠤᠷᠰᠢ ᠰᠠᠮᠤᠶᠠ ᠳᠤ ᠡᠷᠬᠢᠮ ᠨᠠᠨᠳᠢᠨ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠰᠠᠮᠤᠶᠠ ᠶᠢᠨ ᠬᠢᠨ ᠳᠤᠮᠳᠠᠳᠤ ᠤᠯᠤᠰ ᠤᠨ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠥᠯᠥ ᠲᠦᠷᠦᠭᠦ ᠵᠠᠷᠴᠢᠮ ᠢ ᠪᠠᠷᠢᠮᠲᠠᠯᠠᠵᠤ᠂ ᠨᠣᠮᠣᠬᠠᠨ ᠲᠡᠯᠡᠶ ᠶᠢᠨ ᠠᠷᠠᠯᠲᠤ ᠤᠯᠤᠰ ᠤᠳ ᠲᠤ ᠬᠠᠪᠰᠤᠷᠤᠯᠭ᠎ᠠ ᠦᠵᠡᠭᠦᠯᠭᠦ ᠳᠡᠭᠡᠨ ᠶᠠᠮᠠᠷ ᠴᠤ ᠤᠯᠤᠰ ᠲᠥᠷᠥ ᠶᠢᠨ ᠨᠥᠬᠦᠴᠡᠯ ᠳᠠᠭᠠᠯᠳᠤᠭᠤᠯᠬᠤ ᠦᠭᠡᠢ᠂ ᠶᠡᠷᠦ ᠠᠴᠠ ᠬᠡᠯᠡᠭᠰᠡᠨ ᠦᠭᠡᠨ ᠳᠡᠭᠡᠨ ᠰᠠᠭᠤᠵᠤ᠂ ᠬᠡᠯᠡᠭᠰᠡᠨ ᠳᠡᠭᠡᠨ ᠭᠦᠷᠳᠡᠭ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠃ ᠰᠠᠮᠤᠶᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠵᠢᠷᠤᠮᠯᠠᠵᠤ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠮᠵᠢᠨ᠎ᠠ᠃ ᠰᠠᠮᠤᠶᠠ ᠶᠢᠨ ᠬᠢᠨ ᠳᠤᠮᠳᠠᠳᠤ ᠤᠯᠤᠰ ᠢ ᠴᠢᠬᠤᠯᠠ ᠪᠠᠶᠢᠯᠳᠤᠬᠤ ᠪᠣᠳᠣᠯᠭ᠎ᠠ ᠶᠢᠨ ᠬᠠᠨᠢᠲᠠᠨ ᠢᠶᠠᠨ ᠪᠤᠯᠭᠠᠵᠤ᠂ ᠢᠷᠡᠬᠦ ᠵᠢᠯ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠬᠠᠮᠲᠤ ᠪᠠᠷ ᠪᠡᠯᠭᠡᠯᠡᠬᠦ ᠪᠠᠷ ᠠᠵᠠ ᠲᠣᠭᠢᠶᠠᠯ ᠪᠤᠯᠭᠠᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠤᠯᠠᠮ ᠨᠢᠭᠡ ᠠᠯᠬᠤᠮ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃    ᠠᠭᠤᠯᠵᠠᠯᠲᠠ ᠶᠢᠨ ᠳᠠᠷᠠᠭ᠎ᠠ᠂ ᠬᠤᠶᠠᠷ ᠲᠠᠯ᠎ᠠ ᠪᠠᠷ ᠢᠶᠠᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠰᠠᠮᠤᠶᠠ ᠲᠤᠰᠠᠭᠠᠷ ᠲᠣᠭᠲᠠᠨᠢᠭᠰᠠᠨ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠨᠡᠶᠢᠲᠡᠯᠡᠪᠡ᠃    ᠸᠠᠩ ᠢ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2