ᠮᠠᠩᠬᠠᠨ ᠪᠠᠯᠭᠠᠰᠤ᠄ ᠴᠢᠴᠠᠷᠭᠠᠨ᠎ᠠ ᠶᠢᠨ ᠠᠵᠤ ᠤᠶᠢᠯᠡᠰ ᠢ ᠬᠥᠭᠵᠢᠭᠦᠯᠵᠦ ᠲᠠᠷᠢᠶᠠᠴᠢᠳ ᠤᠨ ᠨᠡᠮᠡᠭᠳᠡᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2024/11/3
  ᠤᠢᠢᠷ᠎ᠠ ᠶᠢᠨ ᠵᠢᠯ ᠠᠴᠠ᠂ ᠯᠢᠶᠠᠩᠴᠧᠩ  ᠰᠢᠶᠠᠨ ᠤ ᠮᠠᠩᠬᠠᠨ ᠪᠠᠯᠭᠠᠰᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠤᠢᠢᠯᠠᠭᠠᠭᠳᠠᠬᠤᠨ ᠢ ᠪᠠᠷᠢᠮᠲᠠᠯᠠᠨ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠴᠢᠴᠠᠷᠭᠠᠨ᠎ᠠ ᠶᠢᠨ ᠠᠵᠤ ᠦᠢᠯᠡᠰ ᠢ ᠬᠥᠭᠵᠢᠭᠦᠯᠵᠦ᠂ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠵᠡᠷᠭᠡᠪᠡᠷ ᠲᠡᠭᠦᠯᠳᠡᠷᠵᠢᠭᠦᠯᠵᠦ᠂ ᠴᠢᠴᠠᠷᠭᠠᠨ᠎ᠠ ᠶᠢᠨ ᠠᠵᠤ ᠦᠢᠯᠡᠰ ᠤᠨ ᠬᠡᠯᠬᠢᠶ᠎ᠡ ᠶᠢ ᠬᠥᠭᠵᠢᠭᠦᠯᠵᠦ᠂ ᠠᠮᠢ ᠠᠬᠤᠢ ᠶᠢᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠪᠠ᠃ ᠴᠢᠴᠠᠷᠭᠠᠨ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠬᠦ ᠶᠢᠨ ᠲᠥᠯᠥᠭᠡ᠂ ᠮᠠᠩᠬᠠᠨ ᠪᠠᠯᠭᠠᠰᠤᠨ ᠤ ᠶᠧ ᠱᠠᠨ ᠴᠢᠩ ᠴᠢᠴᠠᠷᠭᠠᠨ᠎ᠠ ᠺᠣᠮᠫᠠᠨᠢ 2023 ᠣᠨ ᠳᠤ ᠱᠠ ᠬᠤ᠋ ᠲᠣᠰᠬᠤᠨ ᠳᠤ ᠦᠢᠯᠡᠳᠪᠦᠷᠢ ᠪᠠᠶᠢᠭᠤᠯᠵᠤ᠂ 2024 ᠣᠨ ᠤ 9 ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠲᠡᠭᠦᠨ ᠤ ᠭᠤᠣᠯ ᠲᠤᠬᠠᠶᠢᠯᠠᠭᠰᠠᠨ ᠠᠵᠢᠯ ᠨᠢ ᠴᠢᠴᠠᠷᠭᠠᠨ᠎ᠠ ᠶᠢᠨ ᠰᠠᠯᠠᠭ᠎ᠠ ᠮᠥᠴᠢᠷ ᠪᠣᠯᠤᠨ ᠴᠢᠴᠠᠷᠭᠠᠨ᠎ᠠ ᠶᠢᠨ ᠬᠥᠯᠳᠡᠭᠡᠭᠰᠡᠨ ᠵᠢᠮᠢᠰ ᠢ ᠬᠤᠳᠠᠯᠳᠤᠨ ᠠᠪᠴᠤ᠂  ᠮᠠᠩᠬᠠᠨ ᠪᠠᠯᠭᠠᠰᠤ ᠴᠢᠨᠠᠭᠰᠢᠯᠠᠪᠠᠯ ᠡᠷᠬᠢᠨ ᠲᠣᠭᠤᠷᠢᠨ ᠤ ᠭᠠᠵᠠᠷ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠭᠵᠢᠯᠲᠡ ᠶᠢᠨ ᠬᠥᠳᠡᠯᠭᠡᠬᠦ ᠬᠦᠴᠦᠨ ᠨᠡᠮᠡᠷᠢᠯᠡᠪᠡ᠃
      ᠴᠢᠴᠠᠷᠭᠠᠨ᠎ᠠ ᠲᠡᠭᠦᠵᠦ ᠬᠤᠷᠢᠶᠠᠬᠤ ᠴᠠᠭ ᠮᠥᠴᠡ ᠳᠤ ᠣᠷᠣᠵᠤ᠂ ᠶᠧ ᠱᠠᠨ ᠴᠢᠩ ᠴᠢᠴᠠᠷᠭᠠᠨ᠎ᠠ ᠺᠣᠮᠫᠠᠨᠢ ᠶᠢᠨ ᠬᠦᠷᠢᠶᠡᠨ ᠳᠤ ᠡᠷᠬᠢᠨ ᠲᠣᠭᠤᠷᠢᠨ ᠤ ᠲᠠᠷᠢᠶᠠᠴᠢᠨ ᠡᠷᠦᠬᠡ ᠮᠠᠰᠢᠨ ᠲᠡᠷᠭᠡ ᠵᠢᠯᠣᠭᠤᠳᠴᠤ ᠪᠠᠶᠢᠭᠠᠳ ᠴᠢᠴᠠᠷᠭᠠᠨ᠎ᠠ ᠶᠢ ᠳᠦᠭᠦᠷᠲᠡᠯ᠎ᠡ ᠪᠣᠷᠣᠯᠠᠭᠤᠯᠵᠤ ᠪᠠᠶᠢᠬᠤ ᠪᠠᠶᠢᠳᠠᠯ ᠢ ᠣᠯᠵᠤ ᠬᠠᠷᠠᠪᠠ᠃ ᠵᠤᠤ ᠶᠤᠸᠠᠢ ᠪᠣᠯ ᠮᠠᠩᠬᠠᠨ ᠪᠠᠯᠭᠠᠰᠤᠨ ᠤ ᠪᠠ ᠳ᠋ᠢ ᠲᠣᠰᠬᠤᠨ ᠤ ᠠᠷᠠᠳ ᠪᠣᠯᠤᠨ᠎ᠠ᠂ ᠡᠨᠡ ᠬᠡᠳᠦᠨ ᠵᠢᠯ ᠳᠤ᠂ ᠵᠢᠯ ᠪᠦᠷᠢ ᠶᠢᠨ ᠨᠠᠮᠤᠷ ᠤᠨ ᠬᠤᠷᠢᠶᠠᠯᠲᠠ ᠶᠢᠨ ᠳᠠᠷᠠᠭ᠎ᠠ᠂ ᠵᠤᠤ ᠶᠤᠸᠠᠢ ᠴᠢᠴᠠᠷᠭᠠᠨ᠎ᠠ ᠶᠢᠨ ᠵᠢᠮᠢᠰ ᠬᠤᠷᠢᠶᠠᠵᠤ᠂ ᠥᠩᠭᠡᠷᠡᠭᠰᠡᠨ ᠳᠤ ᠴᠥᠮ ᠨᠡᠯᠢᠶᠡᠳ ᠬᠤᠯᠠ ᠬᠤᠳᠠᠯᠳᠤᠨ ᠠᠪᠬᠤ ᠴᠡᠭ ᠲᠤ ᠬᠦᠷᠴᠦ ᠬᠤᠳᠠᠯᠳᠤᠨ᠎ᠠ᠂ ᠡᠨᠡ ᠵᠢᠯ ᠰᠢᠭᠤᠳ ᠶᠧ ᠱᠠᠨ ᠴᠢᠩ ᠴᠢᠴᠠᠷᠭᠠᠨ᠎ᠠ ᠶᠢᠨ ᠺᠣᠮᠫᠠᠨᠢ ᠳᠤ ᠪᠣᠷᠣᠯᠠᠭᠤᠯᠵᠤ᠂ ᠮᠠᠰᠢ ᠲᠦᠬᠦᠮ ᠪᠣᠯᠵᠠᠢ᠃ ︽ᠥᠨᠥᠳᠦᠷ ᠶᠧ ᠱᠠᠨ ᠴᠢᠩ ᠺᠣᠮᠫᠠᠨᠢ 1600 ᠵᠢᠩ ᠴᠢᠴᠠᠷᠭᠠᠨ᠎ᠠ ᠶᠢᠨ ᠮᠥᠴᠢᠷ ᠬᠤᠳᠠᠯᠳᠤᠵᠤ᠂ ᠵᠢᠩ ᠳᠡᠭᠡᠨ 1.5 ᠲᠥᠭᠦᠷᠢᠭ ᠬᠤᠳᠠᠯᠳᠤᠵᠤ᠂ 2400 ᠲᠥᠭᠦᠷᠢᠭ ᠬᠤᠳᠠᠯᠳᠤᠵᠤ᠂ ᠰᠡᠭᠦᠯᠡᠷ ᠨᠢ ᠳᠠᠬᠢᠨ ᠴᠢᠴᠠᠷᠭᠠᠨ᠎ᠠ ᠠᠳᠡ ᠢᠷᠡᠵᠦ ᠬᠤᠳᠠᠯᠳᠤᠨ᠎ᠠ︾ ᠭᠡᠪᠡ᠃ ᠮᠠᠩᠬᠠᠨ ᠪᠠᠯᠭᠠᠳ ᠤᠨ ᠪᠠ ᠳ᠋ᠢ ᠲᠣᠰᠬᠤᠨ ᠤ ᠠᠷᠠᠳ ᠵᠠᠣ ᠶᠤᠸᠠᠢ ᠪᠠᠶᠠᠷᠲᠠᠢ ᠪᠠᠷ ᠰᠤᠷᠪᠤᠯᠵᠢᠯᠠᠭᠴᠢ ᠳᠤ ᠬᠡᠯᠡᠪᠡ᠃
       ᠡᠨᠡ ᠵᠢᠯ ᠠᠴᠠ ᠡᠬᠢᠯᠡᠨ᠂ ᠶᠧ ᠱᠠᠨ ᠠᠭᠤᠯᠠᠨᠴᠢᠴᠠᠷᠭᠠᠨ᠎ᠠ ᠺᠣᠮᠫᠠᠨᠢ ᠪᠠ ᠳ᠋ᠢ ᠲᠣᠰᠬᠤᠨ ᠲᠠᠢ ᠬᠠᠮᠲᠤ ᠶᠢᠨ ᠴᠢᠴᠠᠷᠭᠠᠨ᠎ᠠ ᠶᠢᠨ ᠵᠢᠮᠢᠰ ᠢ ᠨᠠᠶᠢᠳᠠᠵᠤ ᠲᠡᠭᠦᠬᠦ ᠬᠡᠯᠡᠯᠴᠡᠭᠡᠷ ᠲᠣᠭᠲᠠᠵᠤ᠂ ᠲᠣᠰᠬᠤᠨ ᠤ ᠬᠠᠮᠲᠤ ᠨᠡᠶᠢᠲᠡ ᠳᠤ ᠦᠨᠡᠨ ᠪᠣᠳᠠᠲᠠᠶ ᠠᠰᠢᠭ ᠣᠷᠣᠯᠭ᠎ᠠ ᠣᠯᠭᠤᠭᠰᠠᠨ ᠢᠶᠠᠷ ᠪᠠᠷᠠᠬᠤ ᠦᠭᠡᠢ ᠪᠠᠰᠠ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠶᠢ ᠪᠦᠲᠦᠮᠵᠢᠲᠡᠶ ᠪᠠᠷ ᠠᠬᠢᠭᠤᠯᠤᠭᠰᠠᠨ ᠪᠠᠶᠢᠨ᠎ᠠ᠃ ᠲᠣᠰᠬᠤᠨ ᠤ ᠠᠷᠠᠳ ᠲᠡᠭᠦᠬᠦ ᠬᠤᠳᠠᠯᠳᠤᠬᠤ ᠳᠤ ᠣᠷᠣᠯᠴᠠᠬᠤ ᠪᠠᠷ ᠳᠠᠮᠵᠢᠨ ᠭᠡᠷ ᠪᠦᠯᠢ ᠶᠢᠨ ᠣᠷᠣᠯᠭ᠎ᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠤᠢ ᠵᠢᠮᠢᠰ ᠤᠨ ᠦᠢᠯᠡᠰ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠠᠮᠢ ᠠᠬᠤᠢ ᠪᠣᠯᠤᠨ ᠠᠵᠤ ᠠᠬᠤᠢ ᠶᠢᠨ ᠰᠠᠶᠢᠨ ᠣᠷᠴᠢᠯ ᠢ ᠪᠡᠶᠡᠯᠡᠭᠦᠯᠪᠡ᠃ ᠣᠳᠣᠬᠠᠨ ᠳᠤ᠂ ᠶᠧ ᠱᠠᠨ ᠴᠢᠩ ᠴᠢᠴᠠᠷᠭᠠᠨ᠎ᠠ ᠺᠣᠮᠫᠠᠨᠢ ᠨᠢᠭᠡᠨᠲᠡ ᠡᠷᠬᠢᠨ ᠲᠣᠭᠤᠷᠢᠨ ᠤ ᠲᠣᠰᠬᠤᠨ ᠤ ᠠᠷᠠᠳ ᠠᠴᠠ 400 ᠲᠣᠨ ᠴᠢᠴᠠᠷᠭᠠᠨ᠎ᠠ ᠶᠢᠨ ᠰᠠᠯᠠᠭ᠎ᠠ ᠮᠥᠴᠢᠷ ᠬᠤᠳᠠᠯᠳᠤᠨ ᠠᠪᠴᠠᠢ    ᠡᠭᠦᠨ ᠠᠴᠠ ᠭᠠᠳᠠᠨ᠎ᠠ᠂ ᠶᠧ ᠱᠠᠨ ᠴᠢᠩ ᠴᠢᠴᠠᠷᠭᠠᠨ᠎ᠠ ᠶᠢᠨ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠳᠠᠷᠠᠭ᠎ᠠ ᠪᠠᠰᠠ ᠣᠶᠢᠷ᠎ᠠ ᠬᠠᠪᠢ ᠶᠢᠨ ᠲᠣᠰᠬᠤᠨ ᠤ ᠠᠷᠪᠠᠭᠠᠳ ᠲᠣᠰᠬᠤᠨ ᠤ ᠠᠷᠠᠳ ᠤᠨ ᠠᠵᠢᠯ ᠣᠯᠭᠤᠯᠲᠠ ᠶᠢ ᠰᠢᠭᠤᠳ ᠰᠢᠩᠭᠡᠭᠡᠨ ᠠᠪᠴᠤ᠂ ᠲᠡᠳᠡᠨ ᠳᠤ ᠬᠡᠷ ᠤᠨ ᠡᠭᠦᠳᠡᠨ ᠳᠠᠬᠢ ᠠᠵᠢᠯ ᠤᠯᠬᠤ ᠲᠣᠬᠢᠶᠠᠯ ᠬᠠᠩᠭᠠᠵᠤ᠂ ᠺᠣᠮᠫᠠᠨᠢ᠂ ᠬᠠᠮᠲᠤ ᠨᠡᠶᠢᠲᠡ ᠬᠢᠭᠡᠳ ᠲᠠᠷᠢᠶᠠᠴᠢᠨ ᠡᠷᠦᠬᠡ ᠶᠢᠨ ᠣᠯᠠᠨ ᠲᠠᠯ᠎ᠠ ᠪᠠᠷ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠥᠳᠡᠯᠭᠡᠬᠦ ᠬᠦᠴᠦᠨ ᠨᠡᠮᠡᠷᠢᠯᠡᠪᠡ᠃ ᠶᠧ ᠱᠠᠨ ᠴᠢᠩ ᠴᠢᠴᠠᠷᠭᠠᠨ᠎ᠠ ᠶᠢᠨ ᠠᠷᠠᠯᠵᠢᠶ᠎ᠠ ᠬᠤᠳᠠᠯᠳᠤᠭᠠᠨ ᠤ ᠺᠣᠮᠫᠠᠨᠢ ᠶᠢᠨ ᠬᠠᠷᠢᠭᠤᠴᠠᠯᠭᠠᠲᠠᠨ ᠽᠸᠦ ᠶᠦᠨ ᠺᠦᠶ ᠠᠴᠠ᠄ ︽ᠶᠧ ᠱᠠᠨ ᠬᠠᠶᠢᠷ᠎ᠠ ᠶᠢᠨ ᠴᠢᠴᠠᠷᠭᠠᠨ᠎ᠠ ᠶᠢᠨ ᠤᠶᠢᠯᠡᠳᠪᠦᠷᠢ ᠨᠢ ᠣᠳᠣᠬᠠᠨ ᠳᠤ ᠲᠤᠯᠤᠭᠠᠨ ᠵᠠᠭᠤ ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ᠂ ᠲᠤᠬᠠᠶ ᠶᠢᠨ ᠭᠠᠵᠠᠷ ᠤᠨ ᠲᠠᠷᠢᠶᠠᠴᠢᠨ ᠡᠷᠦᠬᠡ ᠳᠤ ᠴᠥᠭᠡᠨ ᠪᠤᠰᠤ ᠣᠷᠣᠯᠭ᠎ᠠ ᠨᠡᠮᠡᠭᠳᠡᠭᠦᠯᠵᠦ᠂ ᠲᠠᠷᠠᠭᠠᠴᠢ ᠶᠢᠨ ᠠᠯᠬᠤᠮ ᠳᠤ ᠴᠢᠴᠠᠷᠭᠠᠨ᠎ᠠ ᠶᠢ ᠤᠮᠳᠠᠭᠠᠨ ᠵᠡᠷᠭᠡ ᠪᠤᠰᠤᠳ ᠤᠶᠢᠯᠡᠳᠭᠦᠨ ᠪᠣᠯᠭᠠᠨ ᠪᠠᠶᠢᠭᠤᠯᠬᠤ ᠪᠠᠷ ᠲᠥᠯᠥᠪᠯᠡᠵᠦ ᠪᠠᠶᠢᠨ᠎ᠠ︾ ᠭᠡᠵᠡᠶ᠃                                        ᠨᠠᠶᠢᠷᠠᠭᠤᠯᠤᠭᠴᠢ᠄   ᠴᠧᠨ ᠰᠢᠶᠤᠤ ᠵᠢᠤᠸᠠᠨ                                        ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2