ᠯᠢᠶᠠᠩᠴᠧᠩ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ︽ᠭᠠᠯ  ᠢ ᠰᠡᠷᠭᠡᠶᠢᠯᠡᠬᠦ ᠬᠡᠷᠡᠮ︾ ᠢ ᠪᠠᠲᠤ ᠴᠣᠭᠴᠠᠯᠠᠵᠤ᠂ ᠤᠷᠢᠳᠴᠢᠯᠠᠨ ᠰᠡᠷᠭᠡᠶᠢᠯᠡᠬᠦ ᠬᠡᠷᠡᠭᠲᠡᠶ
ᠨᠡᠶᠢᠲᠡᠯᠡᠭᠰᠡᠨ ᠴᠠᠭ᠄
2024/11/7
   ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠡᠷᠡᠭ ᠢ ᠤᠷᠢᠳᠴᠢᠯᠠᠨ ᠰᠡᠷᠭᠡᠶᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠦᠨᠡᠨ ᠬᠦ ᠰᠠᠶᠢᠲᠤᠷ ᠬᠢᠵᠦ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠣᠶ ᠰᠢᠭᠤᠶ ᠨᠤᠲᠤᠭ ᠪᠡᠯᠴᠢᠭᠡᠷ ᠵᠢᠴᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ︽ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠵᠤ᠂ ᠢᠳᠡᠪᠬᠢᠲᠡᠶ ᠪᠠᠷ ᠤᠰᠠᠳᠬᠠᠬᠤ᠂ ᠰᠡᠷᠭᠡᠶᠢᠯᠡᠬᠦ ᠪᠠ ᠤᠨᠲᠠᠷᠠᠭᠠᠬᠤ ᠶᠢ ᠤᠶᠠᠯᠳᠤᠭᠤᠯᠬᠤ︾ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠴᠢᠭᠯᠡᠯᠲᠡ ᠶᠢ ᠪᠠᠷᠢᠮᠲᠠᠯᠠᠨ᠂ ︽ᠡᠬᠡ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ︽ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ︾ ᠤ ᠲᠡᠮᠡᠴᠡᠬᠦ ᠬᠠᠷᠠᠯᠲᠠ ᠶᠢᠨ ᠲᠣᠭᠤᠷᠢᠨ ᠳᠤ᠂ ᠤᠷᠢᠳᠴᠢᠯᠠᠨ ᠪᠠᠶᠢᠷᠢᠯᠠᠭᠤᠯᠵᠤ᠂ ᠨᠢᠭᠡᠳᠦᠯᠲᠡᠶ ᠲᠥᠯᠥᠪᠵᠢᠭᠦᠯᠦᠨ᠂ ︽ᠬᠠᠷᠢᠭᠤᠴᠠᠯᠭ᠎ᠠ ᠶᠢ ᠴᠢᠩᠭᠠᠳᠬᠠᠬᠤ᠂ ᠤᠬᠠᠭᠤᠯᠭ᠎ᠠ ᠶᠢ ᠠᠳᠬᠤᠬᠤ᠂ ᠭᠠᠯ ᠤᠨ ᠢᠷᠡᠯᠲᠡ ᠶᠢ ᠡᠵᠡᠮᠳᠡᠬᠦ︾ ᠪᠠᠷ ᠭᠠᠷᠳᠠᠬᠤ ᠴᠡᠭ ᠪᠣᠯᠭᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠪᠥᠬᠦ ᠬᠦᠴᠦᠨ ᠢᠶᠠᠷ ᠢᠶᠠᠨ  ᠪᠡᠯᠡᠳᠬᠡᠪᠡ᠃    ᠣᠶᠢᠷ᠎ᠠ ᠳᠤ᠂ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠯ ᠰᠡᠷᠭᠡᠶᠢᠯᠡᠬᠦ ᠤᠬᠠᠭᠤᠯᠭ᠎ᠠ ᠬᠢᠵᠡᠶ᠂ ᠨᠢᠭᠡ ᠳᠤ᠂ ᠰᠢᠶᠠᠨ ᠤ ᠳᠣᠲᠣᠷᠠᠬᠢ ᠭᠤᠤᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠪᠦᠰᠡ ᠶᠢᠨ ᠵᠢᠷᠭᠤᠳᠤᠭᠠᠷ ᠰᠤᠮᠤ᠂ ᠮᠠᠩᠬᠠᠨ ᠵᠡᠷᠭᠡ ᠪᠣᠭᠤᠮᠲᠠ ᠳᠤ ᠲᠣᠤᠷ ᠲᠠᠲᠠᠬᠤ ᠬᠡᠯᠪᠡᠷᠢ ᠶᠢᠨ ᠪᠠᠶᠢᠴᠠᠭᠠᠯᠲᠠ ᠬᠢᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠮᠡᠳᠡᠯᠭᠡ ᠶᠢ ᠣᠯᠠᠨ ᠬᠡᠯᠪᠡᠷᠢ᠂ ᠣᠯᠠᠨ ᠠᠷᠭ᠎ᠠ ᠵᠠᠮ ᠢᠶᠠᠷ ᠤᠬᠠᠭᠤᠯᠵᠤ᠂ ᠣᠯᠠᠨ ᠲᠦᠮᠡᠨ ᠤ ᠣᠶ ᠰᠢᠭᠤᠶ ᠶᠢᠨ ᠭᠠᠯ ᠰᠡᠷᠭᠡᠶᠢᠯᠡᠬᠦ ᠬᠤᠯᠪᠣᠭᠳᠠᠯ ᠪᠥᠬᠦᠶ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ ᠶᠢ ᠰᠠᠨᠠᠭᠠᠴᠢᠯᠠᠵᠤ᠂ ᠬᠠᠤᠯᠢ ᠶᠣᠰᠣᠭᠠᠷ᠂ ᠲᠣᠭᠲᠠᠭᠠᠯ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠭᠠᠯ ᠬᠡᠷᠡᠭᠯᠡᠵᠦ᠂ ᠪᠦᠷᠢᠨ ᠮᠡᠳᠡᠬᠦ ᠬᠡᠷᠡᠭᠲᠡᠶ᠃ ᠬᠤᠶᠠᠷ ᠲᠤ᠂ ᠭᠤᠤᠯᠳᠠᠯᠭ᠎ᠠ ᠲᠠᠢ ᠴᠠᠭ᠂ ᠭᠤᠤᠯᠳᠠᠯᠭ᠎ᠠ ᠲᠠᠢ ᠬᠡᠰᠡᠭ᠂ ᠭᠤᠤᠯᠳᠠᠯᠭ᠎ᠠ ᠲᠠᠢ ᠣᠷᠣᠨ ᠪᠦᠰᠡ ᠳᠤ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠭᠤᠤᠯ ᠪᠣᠯᠬᠤ ᠵᠠᠮ ᠤᠨ ᠠᠭᠤᠯᠵᠠᠷ ᠲᠤ ᠭᠠᠯ ᠰᠡᠷᠭᠡᠶᠢᠯᠡᠬᠦ ᠪᠠᠶᠢᠴᠠᠭᠠᠬᠤ ᠥᠷᠲᠡᠭᠡ ᠭᠠᠷᠭᠠᠵᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ︔ ᠠᠭᠤᠯᠠᠨ ᠳᠤ ᠭᠠᠷᠴᠤ ᠪᠠᠶᠢᠴᠠᠭᠠᠬᠤ ᠪᠣᠭᠤᠮᠲᠠ ᠭᠠᠷᠭᠠᠵᠤ᠂ ᠠᠭᠤᠯᠠᠨ ᠳᠤ ᠣᠷᠣᠵᠤ ᠲᠠᠬᠢᠯᠭ᠎ᠠ ᠶᠢᠨ ᠬᠥᠮᠦᠰ ᠢ ᠢᠳᠬᠠᠨ ᠪᠤᠴᠠᠭᠠᠵᠤ᠂ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃ ᠭᠤᠷᠪᠠ ᠳᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ︽ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠨᠢᠭᠡ ᠲᠠᠯ᠎ᠠ ᠶᠢ ᠨᠢ ᠰᠡᠷᠡᠮᠵᠢᠯᠡᠭᠦᠯᠵᠦ᠂ ᠨᠢᠭᠡ ᠬᠡᠰᠡᠭ ᠢ ᠨᠢ ᠰᠦᠷᠳᠡᠭᠦᠯᠬᠦ︾ ᠬᠡᠷᠡᠭᠲᠡᠶ᠃    ᠲᠠᠷᠠᠭᠠᠴᠢ ᠶᠢᠨ ᠠᠯᠬᠤᠮ ᠳᠤ᠂ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠶ᠋ᠯ ᠤᠨ ᠴᠠᠭᠳᠠᠨ ᠪᠠᠶᠢᠴᠠᠭᠠᠬᠤ ᠶᠡᠭᠡ ᠠᠩᠭᠢ ᠭᠠᠯ ᠢ ᠰᠡᠷᠭᠡᠶᠢᠯᠡᠬᠦ ᠂ ᠣᠶ ᠰᠢᠭᠤᠶ ᠡᠪᠡᠰᠦ ᠪᠡᠯᠴᠢᠭᠡᠷ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠰᠠᠯᠠᠭ᠎ᠠ ᠮᠥᠴᠢᠷ ᠯᠦᠭᠡ ᠵᠣᠬᠢᠴᠠᠯᠳᠤᠨ ᠬᠠᠮᠵᠢᠯᠴᠠᠬᠤ ᠪᠠᠨ ᠦᠷᠭᠦᠯᠵᠢᠯᠡᠨ ᠴᠢᠩᠭᠠᠳᠬᠠᠵᠤ᠂ ᠣᠶ ᠰᠢᠭᠤᠶ ᠶᠢᠨ ᠭᠠᠯ ᠢ ᠰᠡᠷᠭᠡᠶᠢᠯᠡᠬᠦ ᠡᠯ᠎ᠡ  ᠵᠤᠶᠢᠯ ᠤᠨ ᠠᠵᠢᠯ ᠢ ᠳᠠᠬᠢᠨ ᠪᠠᠶᠢᠴᠠᠭᠠᠵᠤ᠂ ᠳᠠᠬᠢᠨ ᠪᠠᠶᠢᠷᠢᠯᠠᠭᠤᠯᠵᠤ᠂ ᠭᠤᠤᠯᠳᠠᠯᠭ᠎ᠠ ᠲᠠᠢ ᠣᠷᠣᠨ ᠪᠠᠶᠢᠷᠢ᠂ ᠴᠢᠬᠤᠯᠠ ᠴᠠᠭ ᠬᠤᠭᠤᠴᠠᠭ᠎ᠠ ᠶᠢ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠭᠠᠯ ᠤᠨ ᠡᠭᠦᠰᠦᠯ ᠤᠨ ᠰᠢᠭᠤᠶᠢᠲᠤ ᠣᠷᠣᠨ ᠳᠤ ᠣᠷᠣᠬᠤ ᠶᠢ ᠴᠢᠩᠭ᠎ᠠ ᠰᠡᠷᠭᠡᠶᠢᠯᠡᠵᠦ᠂ ᠭᠠᠯ ᠤᠨ ᠭᠠᠮᠰᠢᠭ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃ ᠪᠣᠳᠠᠲᠠᠢ ᠠᠵᠢᠯᠯᠠᠬᠤ ᠪᠠᠷ ᠬᠥᠮᠦᠨ ᠤ ᠶᠢᠷᠲᠢᠨᠴᠦ ᠶᠢᠨ ᠬᠤᠸᠠᠷ ᠫᠤᠤᠵᠢᠩ ᠢ ᠰᠠᠬᠢᠨ ᠬᠠᠮᠠᠭᠠᠯᠠᠵᠤ᠂ ᠠᠷᠠᠳ ᠤᠨ ᠠᠮᠢᠳᠤᠷᠠᠯ ᠤᠨ ᠠᠮᠤᠷ ᠲᠦᠪᠰᠢᠨ ᠢ ᠪᠠᠲᠤᠯᠠᠨ᠂ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠬᠠᠮᠠᠭᠠᠯᠠᠬᠤ ᠬᠡᠷᠡᠭᠲᠡᠢ᠃                                ᠨᠠᠶᠢᠷᠠᠭᠤᠯᠤᠭᠴᠢ᠄   ᠶᠠᠩ  ᠿᠦᠢ ᠵᠧᠨ                                ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2