ᠮᠠᠨ ᠤ ᠰᠢᠶᠠᠨ ᠤ ᠣᠯᠠᠨ ᠰᠠᠯᠠᠭ᠎ᠠ ᠮᠥᠴᠢᠷ ᠬᠠᠮᠲᠤᠷᠠᠨ ᠣᠷᠴᠢᠨ ᠲᠣᠭᠤᠷᠢᠨ ᠢ ᠬᠠᠮᠠᠭᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/7
   ︽ᠣᠷᠴᠢᠨ ᠲᠣᠭᠤᠷᠢᠨ ᠢ ᠬᠠᠮᠠᠭᠠᠯᠠᠬᠤ᠂ ᠭᠡᠷ ᠣᠷᠣᠨ ᠢᠶᠠᠨ ᠬᠠᠶᠢᠷᠠᠯᠠᠬᠤ᠂ ᠬᠥᠮᠦᠨ ᠪᠦᠬᠦᠨ ᠬᠠᠷᠢᠭᠤᠴᠠᠯᠭ᠎ᠠ ᠲᠠᠢ︾ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠪᠤᠢ ᠪᠣᠯᠭᠠᠬᠤ ᠶᠢᠨ ᠲᠥᠯᠥᠭᠡ᠂ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠢᠶᠠᠷ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ ᠣᠶᠢᠷ᠎ᠠ ᠳᠤ᠂ ᠰᠢᠶᠠᠨ ᠤ ᠨᠢᠭᠤᠴᠠ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠡᠭᠦᠷ᠂ ᠬᠤᠩ ᠮᠤᠤ ᠪᠠᠯᠭᠠᠰᠤᠨ ᠤ ᠬᠠᠶ ᠴᠧᠩ ᠨᠡᠶᠢᠭᠡᠮ ᠲᠣᠭᠤᠷᠢᠭ ᠤᠨ ᠨᠠᠮ ᠤᠨ ᠡᠭᠦᠷ ᠪᠣᠯᠤᠨ ᠲᠤᠤ ᠬᠤᠸᠠ ᠭᠧᠦ ᠶᠢᠨ ᠰᠤᠶᠢᠳᠭᠡᠯ ᠬᠤᠷᠢᠶᠠᠬᠤ ᠥᠷᠲᠡᠭᠡ ᠶᠢᠨ ᠨᠠᠮ ᠤᠨ ᠳᠤᠭᠤᠶᠢᠯᠠᠩ ᠳᠠᠭ᠎ᠠ ᠶᠢᠨ ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠥᠷᠢᠯᠡᠬᠦ ᠢᠨᠵᠧᠨᠧᠷᠢᠩ ᠤᠨ ᠤᠰᠤ ᠭᠠᠷᠭᠠᠬᠤ ᠠᠮᠠᠰᠠᠷ ᠲᠤ ᠬᠦᠷᠴᠦ ᠣᠷᠴᠢᠨ ᠠᠬᠤᠶ ᠶᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ  ᠤᠶᠢᠯᠡᠴᠢᠯᠡᠭᠡᠨ ᠤ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ︽ᠤᠯᠠᠭᠠᠨ ᠬᠠᠨᠵᠢᠶᠠᠷ︾ ᠡᠮᠦᠰᠴᠦ᠂ ᠬᠤᠭ ᠨᠣᠪᠰᠢ ᠶᠢᠨ ᠤᠭᠤᠲᠠ᠂ ᠬᠤᠭ ᠨᠣᠪᠰᠢ ᠶᠢᠨ ᠬᠠᠪᠴᠢᠭᠤᠷ ᠵᠡᠷᠭᠡ ᠪᠠᠭᠠᠵᠢ ᠬᠡᠷᠡᠭᠰᠡᠯ ᠢᠶᠠᠨ ᠪᠠᠷᠢᠵᠤ᠂ ᠣᠷᠴᠢᠨ ᠲᠣᠭᠤᠷᠢᠨ ᠤ ︽ᠵᠢᠰᠦ ᠭᠤᠶᠣᠯᠠᠭᠴᠢ ᠪᠠᠭᠰᠢ︾ ᠪᠣᠯᠵᠤ᠂ ᠵᠠᠮ ᠳᠠᠭᠠᠤ ᠶᠠᠪᠠᠭᠠᠨ ᠢᠶᠠᠷ ᠵᠠᠮ ᠳᠠᠭᠠᠤ᠂ ᠲᠠᠷᠢᠶᠠᠨ ᠭᠠᠵᠠᠷ᠂ ᠭᠤᠣᠯ ᠤᠨ ᠵᠠᠮ ᠳᠠᠬᠢ ᠬᠤᠭ ᠨᠣᠪᠰᠢ᠂ ᠰᠦᠯᠢᠶᠣᠣ ᠯᠣᠩᠬᠤ ᠵᠡᠷᠭᠡ ᠬᠠᠶᠠᠭᠳᠠᠮᠠᠯ ᠪᠣᠳᠠᠰ ᠢ ᠲᠡᠭᠦᠵᠦ ᠠᠪᠴᠠᠢ᠃ ᠰᠠᠶᠢᠨ ᠳᠤᠷ᠎ᠠ ᠶᠢᠨ ᠦᠢᠯᠡᠴᠢᠯᠡᠭᠴᠢᠳ ᠠᠵᠢᠯᠯᠠᠭ᠎ᠠ ᠪᠠᠷ ᠢᠶᠠᠨ ᠤᠯᠠᠨ ᠲᠦᠮᠡᠨ ᠳᠤ ᠦᠯᠢᠭᠡᠷ ᠳᠠᠭᠤᠷᠢᠶᠠᠯ ᠦᠵᠡᠭᠦᠯᠦᠭᠰᠡᠨ ᠪᠥᠭᠡᠳ ᠨᠡᠩ ᠤᠯᠠᠨ ᠤᠯᠠᠨ ᠲᠦᠮᠡᠨ ᠢ ᠲᠠᠶᠢᠴᠢᠯᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠭᠤᠯᠵᠤ᠂ ᠴᠡᠪᠡᠷ ᠴᠡᠮᠴᠡᠭᠡᠷ ᠂ ᠪᠣᠯᠪᠠᠰᠤᠨ ᠡᠷᠡᠭᠦᠯ᠂ ᠦᠵᠡᠰᠬᠦᠯᠡᠩᠲᠦ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠪᠠ᠃                                        ᠨᠠᠶᠢᠷᠠᠭᠤᠯᠤᠭᠴᠢ᠄   ᠶᠠᠩ  ᠿᠦᠢ ᠵᠧᠨ                                        ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2