ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 15 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/7
  11 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 15 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠲᠡᠦᠬᠡ᠂ ᠱᠠᠰᠢᠨ ᠰᠤᠷᠲᠠᠬᠤᠨ ᠤ ᠤᠨᠤᠯ ᠪᠣᠯᠤᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠵᠢᠴᠢ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠬᠠᠮᠢᠶ᠎ᠠ ᠪᠦᠬᠦᠢ ᠠᠭᠤᠯᠭ᠎ᠠ ᠶᠢ ᠲᠤᠰᠬᠠᠢ ᠰᠡᠳᠦᠪ ᠢᠶᠠᠷ ᠰᠤᠷᠤᠯᠴᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠤᠷᠠᠯ ᠢ ᠡᠷᠬᠢᠯᠡᠪᠡ᠃    ᠬᠤᠷᠠᠯ ᠠᠴᠠ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠷᠠᠯᠲᠠ ᠵᠠᠷᠴᠢᠮ᠂ ᠰᠢᠨᠵᠢᠯᠡᠬᠦ ᠤᠬᠠᠭᠠᠨᠴᠢ ᠠᠷᠭ᠎ᠠ ᠶᠢ ᠪᠠᠲᠤ ᠡᠵᠡᠮᠳᠡᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠤᠯᠲᠠ ᠬᠢᠬᠦ ᠶᠢ ᠴᠢᠩᠭᠠᠳᠬᠠᠵᠤ᠂ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠠᠳᠬᠤᠵᠤ᠂ ᠬᠡᠷᠡᠭᠯᠡᠭᠡ ᠶᠢ ᠠᠬᠢᠭᠤᠯᠵᠤ᠂ ᠪᠡᠯᠡ ᠣᠷᠣᠭᠤᠯᠤᠯᠲᠠ ᠶᠢ ᠥᠷᠭᠡᠳᠬᠡᠵᠦ᠂ ᠡᠯ᠎ᠡ ᠵᠦᠢᠯ ᠤᠨ ᠡᠭᠦᠷᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠭᠡᠬᠦ ᠡᠨᠡ ᠬᠦ ᠭᠤᠣᠯ ᠠᠵᠢᠯ ᠪᠣᠯᠤᠨ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠦᠷᠢᠮ︾ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠬᠤᠪᠢᠰᠬᠠᠯ ᠤᠨ ᠦᠯᠡᠳᠡᠭᠳᠡᠯ᠂ ᠬᠤᠪᠢᠰᠬᠠᠯ ᠤᠨ ᠳᠤᠷᠠᠰᠬᠠᠯᠲᠤ ᠵᠦᠢᠯᠡᠰ ᠪᠣᠯᠤᠨ ᠳᠤᠷᠠᠰᠬᠠᠯ ᠤᠨ ᠲᠥᠬᠦᠭᠡᠷᠦᠮᠵᠢ ᠶᠢ ᠬᠠᠮᠠᠭᠠᠯᠠᠨ ᠵᠠᠯᠭᠠᠮᠵᠢᠯᠠᠬᠤ ᠠᠵᠢᠯ ᠢ ᠰᠠᠶᠢᠲᠤᠷ ᠬᠢᠵᠦ᠂ ᠬᠤᠪᠢᠰᠬᠠᠯ ᠤᠨ ᠡᠬᠢ ᠪᠠᠶᠠᠯᠢᠭ ᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠮᠢᠳᠤᠯᠢᠭ ᠵᠢᠭᠠᠬᠤ ᠮᠠᠲ᠋ᠧᠷᠢᠶᠠᠯ ᠪᠣᠯᠭᠠᠨ ᠬᠤᠪᠢᠷᠠᠭᠤᠯᠬᠤ ᠬᠡᠷᠡᠭᠲᠡᠢ᠃ ᠬᠤᠷᠠᠯ ᠠᠴᠠ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠠᠬᠢᠭᠤᠯᠵᠤ᠂ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠪᠦᠬᠦ ᠰᠢᠶᠠᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠨᠠᠮ ᠤᠨ ᠤᠳᠤᠷᠢᠳᠤᠯᠭ᠎ᠠ ᠶᠢ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠵᠤ᠂ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠯᠤᠰ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ᠂ ᠰᠡᠷᠭᠡᠶᠢᠯᠡᠨ ᠡᠵᠡᠮᠳᠡᠬᠦ ᠶᠢ ᠬᠠᠮᠵᠢᠯᠴᠠᠭᠤᠯᠬᠤ᠂ ᠰᠡᠷᠭᠡᠶᠢᠯᠡᠨ ᠠᠷᠢᠯᠭᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠠᠵᠢᠯ ᠤᠨ ᠰᠠᠬᠢᠯᠭ᠎ᠠ ᠪᠠᠲᠤ᠂ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠴᠢᠩᠳᠠᠯᠠᠵᠤ᠂ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠨᠠᠮ ᠪᠣᠯᠤᠨ ᠤᠯᠤᠰ ᠤᠨ ᠨᠢᠭᠤᠴᠠ ᠶᠢᠨ ᠠᠮᠤᠷ ᠲᠦᠪᠰᠢᠨ ᠢ ᠬᠠᠮᠠᠭᠠᠯᠠᠬᠤ ᠪᠠᠲᠤ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃                                        ᠨᠠᠶᠢᠷᠠᠭᠤᠯᠤᠭᠴᠢ᠄   ᠶᠠᠩ  ᠿᠦᠢ ᠵᠧᠨ                                        ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2