︽ᠪᠦᠬᠦ ᠠᠷᠠᠳ ᠤᠨ ᠭᠠᠯ ᠤᠨᠲᠠᠷᠠᠭᠠᠬᠤ ᠠᠮᠢ ᠨᠠᠰᠤ ᠶᠢ ᠳᠡᠭᠡᠳᠦᠯᠡᠬᠦ︾ ᠯᠢᠶᠠᠩᠴᠧᠩ ᠰᠢᠶᠠᠨ ︽119︾ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/11/9
   ︽ᠪᠦᠬᠦ ᠠᠷᠠᠳ ᠤᠨ ᠭᠠᠯ ᠤᠨᠲᠠᠷᠠᠭᠠᠬᠤ ᠠᠮᠢ ᠨᠠᠰᠤ ᠶᠢ ᠳᠡᠭᠡᠳᠦᠯᠡᠬᠦ︾ ᠯᠢᠶᠠᠩᠴᠧᠩ ᠰᠢᠶᠠᠨ ᠤ ︽119︾ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠦᠭᠰᠡᠨ ᠨᠢ ᠪᠦᠬᠦ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠬᠦ ᠶᠢᠨ ᠲᠥᠯᠥᠭᠡ᠂ 11 ᠰᠠᠷ᠎ᠠ ᠶᠢᠨ 9᠎ ᠤ ᠡᠳᠦᠷ᠂ ᠯᠢᠶᠠᠩᠴᠧᠩ ᠰᠢᠶᠠᠨ ︽ᠪᠦᠬᠦ ᠠᠷᠠᠳ ᠤᠨ ᠭᠠᠯ ᠤᠨᠲᠠᠷᠠᠭᠠᠬᠤ᠂ ᠠᠮᠢ ᠨᠠᠰᠤ ᠶᠢ ᠳᠡᠭᠡᠳᠦᠯᠡᠬᠦ︾᠎ ᠪᠠᠷ ᠭᠤᠣᠯ ᠰᠡᠳᠦᠪ ᠪᠣᠯᠭᠠᠵᠤ᠂ ᠰᠢᠶᠠᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠳᠤ 2024 ᠣᠨ ᠤ ︽119︾ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠤᠤᠳᠠᠨ ᠣᠷᠣᠯᠴᠠᠪᠠ᠃
     ᠲᠤᠬᠠᠶ ᠶᠢᠨ ᠲᠠᠯᠠᠪᠠᠢ ᠳᠤ᠂ ᠯᠢᠶᠠᠩᠴᠧᠩ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠨ ᠦᠵᠡᠭᠦᠯᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠭᠠᠵᠢ ᠬᠡᠷᠡᠭᠰᠡᠯ ᠢ ᠳᠡᠯᠭᠡᠨ ᠦᠵᠡᠭᠦᠯᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠯᠥᠭᠡᠯᠡᠭᠴᠢᠳ ᠵᠢᠴᠢ ᠣᠯᠠᠨ ᠲᠦᠮᠡᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠪᠠ᠃
   ᠣᠶᠢᠷ᠎ᠠ ᠶᠢᠨ ᠵᠢᠯ ᠤᠨ ᠲᠤᠷᠰᠢ᠂ ᠡᠯ᠎ᠡ ᠰᠠᠯᠠᠭ᠎ᠠ ᠮᠥᠴᠢᠷ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠰᠢᠶᠠᠨ ᠤ ᠭᠠᠯ ᠤᠨᠲᠠᠷᠠᠭᠠᠬᠤ ᠠᠵᠢᠯ ᠪᠣᠯᠤᠨ ᠡᠩᠨᠡᠭᠡᠨ ᠤ ᠪᠠᠶᠢᠭᠤᠯᠤᠯᠲᠠ ᠢᠯᠡᠳᠲᠡ ᠠᠮᠵᠢᠯᠲᠠ ᠣᠯᠵᠤ᠂ ᠭᠠᠯ ᠤᠨ ᠭᠠᠮᠰᠢᠭ ᠤᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠪᠠᠶᠢᠳᠠᠯ ᠰᠠᠶᠢᠨ ᠪᠠᠶᠢᠨ᠎ᠠ᠃ ᠡᠭᠦᠠ ᠤ ᠳᠣᠲᠣᠷ᠎ᠠ ᠭᠠᠯ ᠰᠠᠷᠭᠡᠶᠢᠯᠠᠯᠲᠠ ᠶᠢᠨ ᠣᠬᠠᠭᠤᠯᠭ᠎ᠠ ᠶᠢᠨ ᠠᠵᠢᠯ ᠨᠢ ᠴᠢᠬᠤᠯᠠ ᠵᠢᠯᠣᠭᠤᠣᠠᠬᠤ ᠴᠢᠨᠠᠷ᠂ ᠠᠭᠢᠭᠤᠯᠬᠤ ᠴᠢᠨᠠᠷ ᠲᠠᠢ ᠪᠤᠯᠣᠬᠰᠠᠨ ᠪᠠᠶᠢᠨ᠎ᠠ᠃ ᠣᠳᠣᠬᠠᠨ ᠳᠤ ᠶᠠᠭ ᠡᠪᠦᠯ ᠤᠨ ᠤᠯᠠᠷᠢᠯ ᠪᠠᠶᠢᠵᠤ᠂ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠰᠢᠲᠠᠮᠠᠬᠠᠶ ᠬᠡᠶ ᠬᠡᠷᠡᠭᠯᠡᠬᠦ᠂ ᠲᠣᠰᠣ ᠬᠡᠷᠡᠭᠯᠡᠬᠦ ᠬᠡᠮᠵᠢᠶ᠎ᠡ ᠨᠡᠮᠡᠭᠳᠡᠵᠦ᠂ ᠭᠠᠮᠰᠢᠭ ᠤᠨ ᠬᠦᠴᠦᠨ ᠵᠦᠶ᠋ᠯ ᠣᠯᠠᠰᠢᠷᠠᠵᠤ᠂ ᠭᠠᠯ ᠤᠨ ᠠᠶᠤᠯ ᠠᠮᠠᠷᠬᠠᠨ ᠡᠭᠦᠰᠬᠦ ᠴᠠᠭ ᠬᠤᠭᠤᠴᠠᠭᠠᠨ ᠳᠤ᠂ ᠯᠢᠶᠠᠩᠴᠧᠩ ᠭᠠᠯ ᠤᠨᠲᠠᠷᠠᠭᠠᠬᠤ ᠲᠠᠯ᠎ᠠ ᠪᠠᠷ ᠥᠷᠭᠡᠨ ᠣᠯᠠᠨ ᠲᠦᠮᠡᠨ ᠳᠤ ᠰᠠᠨᠠᠭᠤᠯᠵᠤ᠂ ᠭᠠᠯ ᠤᠨ ᠠᠶᠤᠯ ᠢ ᠰᠡᠷᠭᠡᠶᠢᠯᠡᠬᠦ ᠠᠵᠢᠯ ᠢ ᠡᠷᠬᠡᠪᠰᠢ ᠰᠠᠶᠢᠲᠤᠷ ᠬᠢᠵᠦ᠂ ᠡᠯ᠎ᠡ ᠲᠥᠷᠥᠯ ᠤᠨ ᠭᠠᠯ ᠤᠨ ᠠᠶᠤᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠴᠠᠭ ᠲᠤᠬᠠᠶ ᠳᠤᠨᠢ ᠣᠯᠵᠤ ᠮᠡᠳᠡᠬᠦ ᠪᠠ ᠠᠷᠢᠯᠭᠠᠵᠤ᠂ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠤᠨ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠵᠤ᠂ ᠪᠠᠭ᠎ᠠ ᠳᠡᠭᠡᠷ᠎ᠡ ᠨᠢ ᠰᠡᠷᠭᠡᠶᠢᠯᠡᠵᠦ᠂ ᠠᠶᠤᠯ ᠲᠦᠭᠰᠢᠭᠦᠷᠢ ᠶᠢ ︽ᠨᠣᠴᠣᠬᠤ︾᠎ ᠠᠴᠠ ᠰᠡᠷᠭᠡᠶᠢᠯᠡᠬᠦ ᠬᠡᠷᠡᠭᠲᠡᠶ᠃
     ᠶᠣᠰᠣᠯᠠᠯ ᠳᠡᠭᠡᠷ᠎ᠡ᠂ ᠪᠠᠰᠠ ᠭᠠᠯ ᠤᠨᠲᠠᠷᠠᠭᠠᠬᠤ ᠠᠵᠢᠯ ᠳᠤ ᠢᠳᠡᠪᠬᠢᠲᠡᠶ ᠣᠷᠣᠯᠴᠠᠭᠰᠠᠨ ᠲᠡᠷᠢᠭᠦᠨ ᠤ ᠨᠢᠭᠡᠴᠡ ᠪᠠ ᠲᠡᠷᠢᠭᠦᠨ ᠤ ᠬᠤᠪᠢ ᠬᠥᠮᠦᠨ ᠳᠤ ᠦᠨᠡᠮᠯᠡᠯ ᠣᠯᠭᠤᠪᠠ᠃ ᠯᠢᠶᠠᠩᠴᠧᠩ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠸᠠᠩ ᠢᠦᠢ ᠵᠢᠶᠧ    ᠳᠠᠷᠠᠭᠠᠴᠢ ᠶᠢᠨ ᠠᠯᠬᠤᠮ ᠳᠤ ᠶᠡᠭᠡ ᠰᠡᠷᠡᠮᠵᠢᠯᠡᠭᠦᠯᠬᠦ᠂ ᠶᠡᠭᠡ ᠤᠬᠠᠭᠤᠯᠭ᠎ᠠ᠂ ᠶᠡᠭᠡ ᠰᠣᠷᠢᠯᠲᠠ᠂ ᠶᠡᠭᠡ ᠰᠤᠷᠤᠯᠴᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠪᠠ ᠣᠶᠢᠯᠠᠭᠠᠭᠳᠠᠬᠤᠨ ᠢ ᠴᠢᠨᠠᠭᠰᠢᠳᠠ ᠳᠠᠮᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠠᠭᠤᠷ ᠠᠮᠢᠰᠬᠤᠯ ᠢ ᠪᠤᠢ ᠪᠣᠯᠭᠠᠵᠤ᠂ ᠤᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠪᠦᠬᠦ ᠠᠷᠠᠳ ᠤᠨ ᠭᠠᠯ ᠰᠡᠷᠭᠡᠶᠢᠯᠡᠬᠦ ᠬᠠᠰᠢᠯᠭ᠎ᠠ ᠶᠢ ᠪᠠᠬᠢᠵᠢᠭᠦᠯᠵᠦ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠰᠠᠬᠢᠨ ᠬᠠᠮᠠᠭᠠᠯᠠᠬᠤ ᠪᠣᠯᠤᠨ᠎ᠠ᠃                                           ᠨᠠᠶᠢᠷᠠᠭᠤᠯᠤᠭᠴᠢ᠄   ᠶᠠᠩ  ᠿᠦᠢ ᠵᠧᠨ                                           ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2