ᠯᠢᠶᠠᠩᠴᠧᠩ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠡᠪᠦᠯ ᠬᠠᠪᠤᠷ ᠤᠨ ᠤᠯᠠᠷᠢᠯ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/12/16
 ᠡᠪᠦᠯ ᠬᠠᠪᠤᠷ ᠤᠨ ᠤᠯᠠᠷᠢᠯ ᠤᠨ ᠠᠭᠤᠷ ᠠᠮᠢᠰᠬᠤᠯ ᠭᠠᠩ ᠬᠠᠭᠤᠷᠠᠶ᠂ ᠬᠠᠬᠢᠷ ᠬᠦᠢᠲᠡᠨ ᠪᠠᠶᠢᠵᠤ᠂ ᠭᠠᠯ ᠴᠠᠬᠢᠯᠭᠠᠨ ᠬᠡᠷᠡᠭᠯᠡᠬᠦ ᠬᠡᠢ ᠨᠡᠮᠡᠭᠳᠡᠵᠦ᠂ ᠭᠠᠯ ᠤᠨ ᠭᠠᠮᠰᠢᠭ ᠤᠨ ᠲᠦᠭᠰᠢᠭᠦᠷᠢ ᠨᠡᠮᠡᠭᠳᠡᠵᠦ ᠪᠠᠶᠢᠨ᠎ᠠ᠃ ᠡᠪᠣᠯ ᠤᠨ ᠣᠯᠠᠷᠢᠯ ᠤᠨ ᠭᠠᠯ ᠤᠨ ᠭᠠᠮᠰᠢᠭ ᠤᠨ ᠡ᠊ᠨᠳᠡᠯ ᠡᠬᠦᠰᠬᠦ ᠶᠢ ᠪᠦᠲᠦᠮᠵᠢᠲᠠᠢ ᠣᠷᠢᠳᠴᠢᠯᠠᠨ ᠰᠡᠷᠭᠡᠶᠢᠯᠡᠬᠦ ᠪᠠ ᠬᠤᠷᠢᠭᠯᠠᠵᠤ᠂ ᠠᠷᠠᠳ ᠣᠯᠠᠨ ᠤ ᠠᠮᠢ ᠨᠠᠰᠣ ᠡᠳ᠋ ᠬᠦᠷᠣᠩᠭᠡ ᠶᠢᠨ ᠠᠮᠣᠷ ᠲᠦᠪᠰᠢᠨ ᠢ ᠪᠠᠳᠣᠯᠠᠬᠤ ᠶᠢᠨ ᠲᠦᠯᠦᠭᠡ ᠬᠠᠮᠢᠶ᠎ᠠ ᠪᠦᠬᠦᠢ ᠬᠠᠣᠯᠢ ᠴᠠᠭᠠᠵᠠ ᠬᠠᠣᠯᠢ ᠲᠣᠭᠳᠠᠭᠠᠯ ᠢ ᠦᠨᠳᠦᠰᠦᠯᠡᠨ᠂ ᠡᠪᠣᠯ ᠤᠨ ᠣᠯᠠᠷᠢᠯ ᠤᠨ ᠭᠠᠯ ᠤᠨ ᠠᠶᠣᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠣᠬᠠᠢ ᠵᠠᠷᠯᠠᠯ᠄ ᠨᠢᠭᠡ᠂ ᠭᠠᠯ ᠰᠡᠷᠭᠡᠶᠢᠯᠡᠬᠦ ᠠᠮᠣᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠣᠨ᠎ᠠ᠃     1. ᠡᠯ᠎ᠡ ᠪᠠᠶᠢᠭᠤᠯᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠵᠡᠷᠭᠡ ᠨᠢᠭᠡᠴᠡ ᠨᠦᠭᠦᠳ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠡᠯ᠎ᠡ ᠱᠠᠲᠤ᠂ ᠡᠯ᠎ᠡ ᠠᠵᠢᠯ ᠤᠨ ᠪᠠᠶᠢᠷᠢ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠵᠤ᠂ ᠭᠠᠯ ᠤᠨ ᠠᠶᠤᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃    2. ᠨᠢᠭᠡᠴᠡ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠷᠢᠭᠤᠴᠠᠯᠭ᠎ᠠ ᠡᠭᠦᠷᠭᠡᠯᠡᠭᠴᠢ᠂ ᠬᠠᠮᠢᠶᠠᠷᠤᠭᠴᠢ ᠨᠢ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠥᠪᠡᠷ ᠢ ᠪᠠᠨ ᠪᠠᠶᠢᠴᠠᠭᠠᠵᠤ ᠥᠪᠡᠷ ᠲᠡᠭᠡᠨ ᠵᠠᠯᠠᠷᠠᠭᠤᠯᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠤᠨ ᠠᠶᠤᠯ ᠤᠨ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ ᠠᠵᠢᠯᠲᠠᠨ ᠠᠵᠢᠯᠴᠢᠨ ᠢᠶᠠᠨ ᠵᠣᠬᠢᠶᠠᠨ ᠪᠠᠶᠢᠭᠤᠯᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠣᠯᠪᠠᠰᠤᠷᠠᠭᠤᠯᠤᠯ ᠪᠣᠯᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠵᠦ᠂ ᠠᠵᠢᠯᠲᠠᠨ ᠠᠵᠢᠯᠴᠢᠨ ᠤ ᠥᠪᠡᠷ ᠲᠡᠭᠡᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃    ᠬᠤᠶᠠᠷ᠂ ᠭᠠᠯ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ    1. ᠡᠯ᠎ᠡ ᠨᠢᠭᠡᠴᠡ ᠨᠦᠭᠦᠳ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠢ ᠲᠣᠬᠢᠷᠠᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠬᠤ ᠪᠠ ᠪᠠᠶᠢᠴᠠᠭᠠᠨ ᠬᠡᠮᠵᠢᠵᠦ᠂ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃    2. ᠭᠠᠯ ᠤᠨᠲᠠᠷᠠᠭᠠᠬᠤ ᠡᠵᠡᠮᠰᠢᠯ ᠤᠨ ᠲᠠᠰᠤᠭ ᠲᠠᠢ ᠨᠢᠭᠡᠴᠢ ᠨᠦᠭᠦᠳ ᠭᠠᠯ ᠤᠨᠲᠠᠷᠠᠭᠠᠬᠤ ᠶᠢ ᠡᠵᠡᠮᠳᠡᠬᠦ ᠲᠠᠰᠤᠭ ᠤᠨ 24 ᠴᠠᠭ ᠢᠶᠠᠷ ᠬᠤᠶᠠᠷ ᠬᠥᠮᠦᠨ ᠤ ᠦᠨᠡᠮᠯᠡᠯ ᠲᠠᠢ ᠵᠢᠵᠢᠭᠦᠷᠯᠡᠬᠦ ᠶᠢ ᠪᠠᠲᠤᠯᠠᠵᠤ᠂ ᠵᠢᠵᠢᠭᠦᠷᠯᠡᠭᠴᠢᠳ ᠭᠠᠯ ᠤᠨᠲᠠᠷᠠᠭᠠᠬᠤ ᠪᠡᠯᠡᠳᠬᠡᠮᠵᠢ ᠶᠢᠨ ᠠᠵᠢᠯᠯᠠᠭᠠᠨ ᠤ ᠮᠡᠷᠭᠡᠵᠢᠯ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠡᠰ ᠳᠠᠷᠠᠭᠠᠯᠠᠯ ᠢᠶᠠᠨ ᠪᠣᠯᠪᠠᠰᠤᠷᠠᠩᠭᠤᠶ ᠡᠵᠡᠮᠰᠢᠬᠦ ᠬᠡᠷᠡᠭᠲᠡᠶ᠃ 3. ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠨᠢ ᠭᠠᠯ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠭᠠᠯ ᠤᠨᠲᠠᠷᠠᠭᠠᠬᠤ ᠵᠠᠮ ᠤᠨ ᠰᠠᠭᠠᠳ ᠦᠭᠡᠶ ᠨᠡᠪᠲᠡᠷᠡᠬᠦ᠂ ᠭᠠᠯ ᠤᠨᠲᠠᠷᠠᠭᠠᠬᠤ ᠤᠰᠤᠨ ᠤ ᠡᠬᠢ ᠰᠤᠷᠪᠤᠯᠵᠢ ᠭᠦᠢᠴᠡᠳ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠢᠵᠢᠭ ᠲᠣᠭᠤᠷᠢᠭ ᠤᠨ ᠳᠣᠲᠣᠷᠠᠬᠢ ᠬᠠᠮᠲᠤ ᠪᠠᠷ ᠬᠡᠷᠡᠭᠯᠡᠬᠦ ᠭᠠᠯ ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠨ ᠬᠠᠮᠢᠶᠠᠷᠬᠤ ᠪᠠᠨ ᠴᠢᠩᠭᠠᠳᠬᠠᠨ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠲᠣᠭᠤᠷᠢᠨ ᠪᠠᠶᠢᠴᠠᠭᠠᠯᠲᠠ ᠶᠢ ᠥᠷᠨᠢᠭᠦᠯᠵᠦ᠂ ᠭᠠᠯ ᠤᠨ ᠠᠶᠤᠯ ᠤᠨ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃   ᠭᠤᠷᠪᠠ᠂ ᠭᠠᠯ ᠬᠡᠷᠡᠭᠯᠡᠬᠦ ᠴᠠᠬᠢᠯᠭᠠᠨ ᠬᠡᠢ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ    1. ᠨᠡᠢᠭᠡᠮ ᠨᠢᠭᠡᠴᠢ ᠪᠠ ᠰᠠᠭᠤᠭᠠᠯᠢ ᠠᠷᠠᠳ ᠤᠨ ᠭᠡᠷ ᠪᠦᠯᠢ ᠨᠦᠭᠦᠳ ᠴᠠᠬᠢᠯᠭᠠᠨ ᠤ ᠠᠶᠤᠯ ᠦᠭᠡᠶ ᠶᠢᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠴᠠᠬᠢᠯᠭᠠᠨ ᠱᠤᠭᠤᠮ ᠪᠠ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠢᠴᠠᠭᠠᠵᠤ᠂ ᠬᠠᠭᠤᠴᠢᠷᠠᠭᠰᠠᠨ᠂ ᠡᠪᠳᠡᠷᠡᠵᠦ ᠰᠦᠢᠳᠦᠭᠰᠡᠨ ᠴᠠᠬᠢᠯᠭᠠᠨ ᠤᠲᠠᠰᠤ ᠪᠠ ᠲᠥᠬᠦᠭᠡᠷᠦᠮᠵᠢ ᠶᠢ ᠴᠠᠭ ᠲᠤᠬᠠᠢ ᠳᠤᠨᠢ ᠰᠣᠯᠢᠨ ᠬᠡᠷᠡᠭᠯᠡᠵᠦ᠂ ᠴᠠᠬᠢᠯᠭᠠᠨ ᠤᠲᠠᠰᠤ ᠶᠢ ᠳᠤᠷ᠎ᠠ ᠪᠠᠷ ᠢᠶᠠᠨ ᠲᠠᠲᠠᠵᠤ ᠪᠣᠯᠬᠤ ᠦᠭᠡᠢ᠂ ᠳᠠᠭᠠᠭᠠᠴᠠ ᠠᠴᠠ ᠬᠡᠲᠦᠷᠡᠭᠦᠯᠦᠨ ᠴᠠᠬᠢᠯᠭᠠᠨ ᠬᠡᠷᠡᠭᠯᠡᠵᠦ ᠪᠣᠯᠬᠤ ᠦᠭᠡᠢ    2. ᠭᠠᠯ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠬᠥᠳᠡᠯᠭᠡᠵᠦ ᠠᠵᠢᠯᠯᠠᠭᠤᠯᠬᠤ ᠳᠠᠭᠠᠨ ᠲᠤᠬᠠᠶ ᠶᠢᠨ ᠭᠠᠵᠠᠷ ᠲᠤᠨᠢ ᠬᠢᠨᠠᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠡᠷᠭᠢᠨ ᠲᠣᠭᠤᠷᠢᠨ ᠤ ᠨᠣᠴᠣᠮᠠᠲᠠᠭᠠᠶ ᠨᠣᠴᠣᠮᠠᠲᠠᠭᠠᠶ ᠪᠣᠳᠠᠰ ᠢ ᠠᠷᠢᠯᠭᠠᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠤᠨ᠂ ᠭᠠᠯ ᠬᠥᠳᠡᠯᠭᠡᠵᠦ ᠠᠵᠢᠯᠯᠠᠬᠤ ᠶᠢᠨ ᠠᠶᠤᠯ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃    3 ᠰᠢᠲᠠᠮᠠᠬᠠᠶ ᠬᠡᠢ ᠬᠡᠷᠡᠭᠯᠡᠬᠦ ᠨᠢᠭᠡᠴᠡ ᠪᠣᠯᠤᠨ ᠰᠠᠭᠤᠭᠠᠯᠢ ᠠᠷᠠᠳ ᠤᠨ ᠭᠡᠷ ᠪᠦᠯᠢ ᠰᠢᠲᠠᠮᠠᠬᠠᠶ ᠬᠡᠢ ᠶᠢᠨ ᠬᠤᠭᠤᠯᠠᠶ᠂ ᠨᠡᠭᠡᠯᠡᠬᠡᠶ᠂ ᠵᠤᠤᠬ᠎ᠠ ᠶᠢᠨ ᠬᠡᠷᠡᠭᠰᠡᠯ ᠵᠡᠷᠭᠡ ᠪᠡᠯᠡᠳᠬᠡᠮᠵᠢ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠰᠢᠲᠠᠮᠠᠬᠠᠶ ᠬᠡᠢ ᠭᠤᠭᠤᠵᠢᠬᠤ ᠳᠠᠯᠳᠠ ᠭᠡᠮ ᠢ ᠴᠠᠭ ᠲᠤᠬᠠᠶ ᠳᠤᠨᠢ ᠣᠯᠵᠤ ᠮᠡᠳᠡᠬᠦ ᠪᠠ ᠴᠡᠭᠴᠡᠯᠡᠨ ᠵᠠᠰᠠᠬᠤ ᠬᠡᠷᠡᠭᠲᠡᠶ ᠰᠢᠲᠠᠮᠠᠬᠠᠶ ᠬᠡᠢ ᠬᠡᠷᠡᠭᠯᠡᠬᠦ ᠳᠡᠭᠡᠨ ᠰᠠᠯᠬᠢ ᠰᠠᠶᠢᠨ ᠪᠠᠶᠢᠬᠤ ᠶᠢ ᠪᠠᠲᠤᠯᠠᠵᠤ᠂ ᠰᠢᠲᠠᠮᠠᠬᠠᠶ ᠬᠡᠢ ᠬᠤᠷᠠᠮᠳᠤᠭᠠᠳ ᠳᠡᠯᠪᠡᠷᠡᠯᠲᠡ ᠶᠢᠨ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ᠃    ᠳᠥᠷᠪᠡ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠠᠮᠤᠷ ᠲᠦᠪᠰᠢᠨ ᠢᠶᠠᠷ ᠬᠡᠷᠡᠭᠯᠡᠬᠦ ᠶᠢ ᠵᠢᠷᠤᠮᠵᠢᠭᠤᠯᠤᠨ᠎ᠠ    1. ᠪᠠᠷᠢᠯᠭ᠎ᠠ ᠶᠢᠨ ᠳᠣᠲᠣᠷᠠᠬᠢ ᠲᠠᠷᠬᠠᠭᠠᠨ ᠶᠠᠪᠤᠭᠤᠯᠬᠤ ᠵᠠᠮ᠂ ᠠᠰᠠᠷ ᠤᠨ ᠱᠠᠲᠤ ᠶᠢᠨ ᠲᠠᠰᠤᠯᠭ᠎ᠠ᠂ ᠠᠶᠤᠯ ᠦᠭᠡᠶ ᠭᠠᠷᠬᠤ ᠡᠭᠦᠳᠡ ᠵᠡᠷᠭᠡ ᠣᠯᠠᠨ ᠨᠡᠶᠢᠲᠡ ᠶᠢᠨ ᠣᠷᠣᠨ ᠪᠦᠰᠡ ᠵᠢᠴᠢ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ ᠳᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠠᠯᠪᠢᠬᠤ ᠪᠤᠶᠤ ᠲᠡᠭᠦᠨ ᠳᠤ ᠴᠠᠬᠢᠯᠭᠠᠨ ᠴᠡᠨᠡᠭᠯᠡᠬᠦ ᠶᠢ ᠴᠢᠩᠭ᠎ᠠ ᠴᠠᠭᠠᠵᠠᠯᠠᠨ᠎ᠠ᠃ ᠰᠠᠭᠤᠭᠠᠯᠢ ᠠᠷᠠᠳ ᠭᠡᠷ ᠤᠨ ᠭᠠᠳᠠᠨ᠎ᠠ ᠲᠤᠰᠬᠠᠶᠢᠯᠠᠨ ᠪᠠᠶᠢᠭᠤᠯᠤᠭᠰᠠᠨ ᠲᠥᠪᠯᠡᠷᠡᠭᠦᠯᠦᠨ ᠴᠠᠬᠢᠯᠭᠠᠨ ᠴᠡᠨᠡᠭᠯᠡᠬᠦ ᠣᠷᠣᠨ ᠪᠦᠰᠡ ᠳᠤ ᠴᠠᠬᠢᠯᠭᠠᠨ ᠴᠡᠨᠡᠭᠯᠡᠬᠦ ᠠᠵᠢᠯᠯᠠᠭ᠎ᠠ ᠬᠢᠵᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠣᠭᠲᠠᠭᠠᠯ ᠠᠴᠠ ᠵᠥᠷᠢᠴᠡᠨ ᠴᠠᠬᠢᠯᠭᠠᠨ ᠵᠣᠭᠰᠣᠭᠰᠠᠨ ᠠᠴᠠ ᠪᠣᠯᠤᠭᠰᠠᠨ ᠭᠠᠯ ᠤᠨ ᠠᠶᠤᠯ ᠤᠨ ᠠᠳᠡᠯ ᠢ ᠵᠠᠶᠢᠯᠠᠭᠤᠯᠬᠤ ᠶᠢᠨ ᠬᠠᠮᠲᠤ ᠬᠥᠮᠦᠰ ᠢ ᠲᠠᠷᠬᠠᠭᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠬᠠᠷᠰᠢᠯᠠᠬᠤ ᠠᠴᠠ ᠵᠠᠶᠢᠯᠠᠰᠬᠢᠬᠦ ᠬᠡᠷᠡᠭᠲᠡᠶ᠃    2᠂ ᠡᠷᠬᠡᠪᠰᠢ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠴᠠᠬᠢᠯᠭᠠᠨ ᠬᠥᠳᠡᠯᠭᠡᠭᠦᠷᠲᠦ ᠲᠡᠷᠭᠡ ᠵᠢᠴᠢ ᠰᠡᠯᠪᠢᠭ ᠲᠣᠨᠤᠭ ᠢ ᠬᠤᠳᠠᠯᠳᠤᠨ ᠠᠪᠴᠤ ᠬᠡᠷᠡᠭᠯᠡᠵᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠴᠠᠬᠢᠯᠭᠠᠨ ᠬᠡᠯᠬᠢᠶ᠎ᠡ᠂ ᠳ᠋ᠢᠶᠠᠨ ᡂᠢ ᠵᠡᠷᠭᠡ ᠵᠠᠩᠭᠢᠯᠠᠭ᠎ᠠ ᠶᠢᠨ ᠤᠭᠰᠠᠷᠠᠭ᠎ᠠ ᠲᠣᠨᠤᠭ ᠢ ᠳᠤᠷ᠎ᠠ ᠪᠠᠷ ᠢᠶᠠᠨ ᠥᠭᠡᠷᠡᠴᠢᠯᠡᠨ ᠤᠭᠰᠠᠷᠠᠬᠤ ᠶᠢ ᠴᠢᠩᠭ᠎ᠠ ᠴᠠᠭᠠᠵᠠᠯᠠᠵᠤ᠂ ᠥᠭᠡᠷᠡᠴᠢᠯᠡᠨ ᠤᠭᠰᠠᠷᠠᠭᠰᠠᠨ ᠨᠢ ᠵᠣᠬᠢᠰ ᠦᠭᠡᠶ ᠠᠴᠠ ᠪᠣᠯᠵᠤ ᠴᠠᠬᠢᠯᠭᠠᠨ ᠰᠠᠭᠠᠳ ᠭᠠᠷᠴᠤ ᠭᠠᠯ ᠤᠨ ᠠᠶᠤᠯ ᠭᠠᠷᠬᠤ ᠶᠢ ᠰᠡᠷᠭᠡᠶᠢᠯᠡᠬᠦ ᠬᠡᠷᠡᠭᠲᠡᠶ᠃    ᠲᠠᠪᠤ᠂ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠪᠣᠯᠪᠠᠰᠤᠷᠠᠭᠤᠯᠤᠯ ᠢ ᠢᠳᠡᠪᠬᠢᠲᠡᠶ ᠥᠷᠨᠢᠭᠦᠯᠬᠦ ᠬᠡᠷᠡᠭᠲᠡᠶ    1. ᠡᠯ᠎ᠡ ᠨᠢᠭᠡᠴᠡ ᠨᠦᠭᠦᠳ ᠠᠵᠢᠯᠲᠠᠨ ᠠᠵᠢᠯᠴᠢᠨ ᠢᠶᠠᠨ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠢ ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ᠂ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠡᠪᠦᠯ ᠤᠨ ᠤᠯᠠᠷᠢᠯ ᠤᠨ ᠭᠠᠯ ᠤᠨ ᠠᠶᠤᠯ ᠢ ᠰᠡᠷᠭᠡᠶᠢᠯᠡᠬᠦ ᠮᠡᠳᠡᠯᠭᠡ ᠪᠣᠯᠤᠨ ᠠᠮᠢ ᠵᠢᠭᠤᠲᠠᠵᠤ ᠥᠪᠡᠷ ᠢ ᠪᠠᠨ ᠠᠪᠤᠷᠠᠬᠤ ᠮᠡᠷᠭᠡᠵᠢᠯ ᠤᠨ ᠴᠢᠳᠠᠪᠤᠷᠢ ᠶᠢ ᠥᠷᠭᠡᠨ ᠢᠶᠠᠷ ᠤᠬᠠᠭᠤᠯᠵᠤ᠂ ᠪᠦᠬᠦ ᠠᠷᠠᠳ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃    2. ᠰᠤᠷᠭᠠᠭᠤᠯᠢ᠂ ᠨᠡᠶᠢᠭᠡᠮ ᠲᠣᠭᠤᠷᠢᠭ᠂ ᠬᠥᠳᠡᠭᠡ ᠲᠣᠰᠬᠤᠨ ᠵᠡᠷᠭᠡ ᠨᠢ ᠰᠤᠷᠤᠭᠴᠢ᠂ ᠰᠠᠭᠤᠭᠠᠯᠢ ᠠᠷᠠᠳ᠂ ᠲᠣᠰᠬᠤᠨ ᠤ ᠠᠷᠠᠳ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠥᠮᠦᠵᠢᠯ ᠢ ᠴᠢᠩᠭᠠᠳᠬᠠᠨ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠰᠠᠶᠢᠨ ᠰᠠᠶᠢᠬᠠᠨ ᠣᠷᠴᠢᠨ ᠠᠬᠤᠶ ᠶᠢ ᠪᠣᠶ ᠪᠣᠯᠭᠠᠬᠤ ᠬᠡᠷᠡᠭᠲᠡᠶ᠃ ᠵᠢᠷᠭᠤᠭ᠎ᠠ᠂ ᠭᠠᠯ ᠤᠨ ᠭᠠᠮᠰᠢᠭ ᠤᠨ ᠡ᠊ᠨᠳᠡᠯ ᠤᠨ ᠬᠠᠷᠢᠭᠤᠴᠠᠯᠭ᠎ᠠ ᠨᠡᠭᠡᠮᠵᠢᠯᠡᠬᠦ ᠶᠢ ᠴᠢᠩᠳᠡᠯᠡᠨ᠎ᠠ    ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠨ᠂ ᠭᠠᠯ ᠤᠨ ᠠᠶᠤᠯ ᠤᠨ ᠠᠳᠡᠯ ᠭᠠᠷᠭᠠᠭᠰᠠᠨ ᠨᠢᠭᠡᠴᠡ ᠪᠣᠯᠤᠨ ᠬᠤᠪᠢ ᠬᠥᠮᠦᠨ ᠨᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠶ ᠨᠡᠯᠢᠶᠡᠳ ᠶᠡᠭᠡ ᠠᠴᠠ ᠳᠡᠭᠡᠭᠰᠢᠬᠢ ᠭᠠᠯ ᠤᠨ ᠠᠶᠤᠯ ᠤᠨ ᠠᠳᠡᠯ ᠭᠠᠷᠤᠭᠰᠠᠨ ᠪᠣᠯ ᠬᠠᠮᠢᠶ᠎ᠠ ᠪᠦᠬᠦᠢ ᠨᠢᠭᠡᠴᠡ ᠪᠣᠯᠤᠨ ᠬᠥᠮᠦᠰ ᠤᠨ ᠡᠷᠡᠭᠦᠦ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠶ᠃                             ᠡᠭᠦᠨ ᠤ ᠲᠤᠯᠠ ᠣᠨᠴᠠᠭᠠᠶᠢᠯᠠᠨ ᠵᠠᠷᠯᠠᠪᠠ               ᠯᠢᠶᠠᠩᠴᠧᠩ ᠰᠢᠶᠠᠨ ᠤ ᠭᠠᠯ ᠤᠨᠲᠠᠷᠠᠭᠠᠬᠤ                 ᠠᠪᠤᠷᠠᠨ ᠲᠤᠰᠠᠯᠠᠬᠤ ᠶᠡᠭᠡ ᠠᠩᠭᠢ                 2024 ᠣᠨ ᠤ 12 ᠰᠠᠷ᠎ᠠ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2