12 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 2024 ᠣᠨ ᠤ | 35 ᠳ᠋ᠤᠭᠠᠷ ᠤᠳᠠᠭ᠎ᠠ ᠶᠢᠨ ᠬᠤᠷᠠᠯ ᠵᠢᠴᠢ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠰᠢᠯᠭᠠᠬᠤ | ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠤᠷᠠᠯ ᠢ ᠡᠷᠬᠢᠯᠡᠵᠦ᠂ | ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠢᠯᠣᠭᠤᠳᠬᠤ ᠳᠤᠭᠤᠶᠢᠯᠠᠩ ᠬᠤᠷᠠᠯ ᠳᠤ | ᠣᠷᠣᠯᠴᠠᠵᠤ ᠵᠢᠭᠠᠨ ᠵᠢᠯᠣᠭᠤᠳᠪᠠ᠃ | ᠬᠤᠷᠠᠯ ᠠᠴᠠ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2024 ᠣᠨ ᠤ 39 | ᠳ᠋ᠤᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠡᠯ᠎ᠡ ᠰᠢᠶᠠᠩ ᠪᠠᠯᠭᠠᠰᠤᠨ ᠤ | ᠨᠠᠮ ᠤᠨ ᠬᠤᠷᠢᠶ᠎ᠠ ᠪᠣᠯᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠠᠵᠢᠯᠯᠠᠬᠤ | ᠬᠤᠷᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ | 2024 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ | ᠰᠣᠨᠣᠰᠤᠭᠰᠠᠨ ᠪᠥᠭᠡᠳ ᠲᠤᠬᠠᠢ ᠶᠢᠨ ᠲᠠᠯᠠᠪᠠᠢ ᠳᠤ ᠦᠨᠡᠯᠡᠯᠲᠡ ᠬᠢᠪᠡ᠃ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠤᠬᠠᠭᠤᠯᠬᠤ ᠬᠡᠯᠲᠡᠰ᠂ ᠵᠣᠬᠢᠶᠠᠨ ᠪᠠᠶᠢᠭᠤᠯᠬᠤ ᠬᠡᠯᠲᠡᠰ ᠤᠨ ᠭᠤᠣᠯ | ᠬᠠᠷᠢᠭᠤᠴᠠᠯᠭᠠᠲᠠᠨ ᠲᠤᠰ ᠲᠤᠰ ᠤᠨ ᠬᠦᠷᠢᠶᠡᠨ ᠤ ᠠᠵᠢᠯ ᠲᠠᠢ ᠪᠠᠨ ᠤᠶᠠᠯᠳᠤᠭᠤᠯᠤᠨ ᠶᠡᠷᠦᠩᠬᠡᠶᠢᠯᠡᠨ ᠦᠨᠡᠯᠡᠯᠲᠡ | ᠬᠢᠵᠦ᠂ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ ᠨᠢᠭᠡᠳᠦᠭᠡᠷ ᠰᠠᠯᠠᠭᠠᠨ ᠤ | ᠸᠠᠩ ᠵᠢᠶᠠᠨ ᠸᠧᠢ ᠦᠨᠡᠯᠡᠯᠲᠡ ᠶᠢᠨ ᠶᠠᠷᠢᠶ᠎ᠠ ᠲᠠᠯᠪᠢᠭᠰᠠᠨ ᠪᠥᠭᠡᠳ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃ | ᠯᠢᠦ ᠶᠢᠨ ᠲᠤᠤ ᠢᠯᠡᠳᠬᠡᠭᠰᠡᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ | ᠬᠤᠭᠤᠴᠠᠭᠠᠨ ᠤ ᠬᠤᠶᠠᠳᠤᠭᠠᠷ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ | ᠰᠢ ᠶᠢᠨ ᠫᠢᠩ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ | ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ | ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ | ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠬᠢᠪᠡᠰᠦ ᠵᠣᠬᠢᠬᠤ ᠠᠵᠢᠯ ᠢᠶᠠᠨ ᠪᠣᠯᠭᠠᠵᠤ᠂ ᠬᠠᠲᠠᠭᠤ ᠡᠭᠦᠷᠭᠡ | ᠪᠣᠯᠭᠠᠵᠤ᠂ ᠲᠣᠪᠤᠶᠢᠮ᠎ᠠ ᠪᠠᠶᠢᠷᠢᠨ ᠳᠤ ᠲᠠᠯᠪᠢᠵᠤ᠂ ᠱᠠᠲᠤ ᠱᠠᠲᠤ ᠪᠠᠷ ᠳᠠᠷᠤᠯᠲᠠ ᠥᠭᠴᠦ᠂ ᠱᠠᠲᠤ ᠳᠠᠷᠠᠭᠠᠯᠠᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ | ᠨᠠᠶᠢᠳᠠᠪᠤᠷᠢᠵᠢᠭᠤᠯᠬᠤ ᠶᠢ ᠠᠳᠬᠤᠬᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠷᠢᠰᠢᠯ ᠢ ᠪᠦᠷᠢᠯᠳᠦᠭᠦᠯᠬᠦ | ᠬᠡᠷᠡᠭᠲᠡᠶ᠃ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ | ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠰᠢᠶᠠᠨ ᠤ ᠺᠠᠳ᠋ᠷ ᠤᠯᠠᠨ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠲᠠᠪᠤᠨ | ᠬᠦᠴᠦᠷᠬᠡᠭ ᠰᠢᠶᠠᠨ︾ ᠢ ᠪᠦᠳᠦᠭᠡᠨ ᠪᠠᠶᠢᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | |