ᠲᠣᠰᠬᠤᠨ ᠤ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠲᠣᠰᠬᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠴᠢᠩᠭᠠᠳᠬᠠᠬᠤ ᠶᠢᠨ | ᠲᠥᠯᠥᠭᠡ᠂ 12 ᠰᠠᠷ᠎ᠠ ᠶᠢᠨ 24 ᠤ ᠡᠳᠦᠷ᠂ ᠮᠠᠨ ᠤ ᠰᠢᠶᠠᠨ ᠤ ᠵᠢᠷᠭᠤᠳᠤᠭᠠᠷ ᠰᠤᠮᠤ ᠪᠠᠯᠭᠠᠰᠤᠨ ᠤ ᠦᠢᠯᠡᠳᠪᠦᠷᠢ | ᠭᠧ ᠳ᠋ᠦᠩ ᠲᠣᠰᠬᠤᠨ ᠤ ᠠᠷᠠᠳ ᠤᠨ ᠵᠥᠪᠯᠡᠯ᠂ ᠬᠤᠩ ᠮᠤᠤ ᠪᠠᠯᠭᠠᠰᠤᠨ ᠤ ᠰᠢᠶᠠᠩ ᠬᠤᠸᠠᠩ ᠳ᠋ᠢ ᠲᠣᠰᠬᠤᠨ ᠤ | ᠠᠷᠠᠳ ᠤᠨ ᠵᠥᠪᠯᠡᠯ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ | ᠰᠢᠨ᠎ᠡ ᠵᠢᠯ ᠢ ᠤᠭᠲᠤᠬᠤ ᠴᠠᠶᠢᠯᠠᠯᠭ᠎ᠠ ᠡᠷᠭᠢᠯᠡᠪᠡ᠃ ᠵᠢᠷᠭᠤᠳᠤᠭᠠᠷ ᠰᠤᠮᠤ ᠪᠠᠯᠭᠠᠰᠤᠨ ᠤ ᠦᠢᠯᠡᠳᠪᠦᠷᠢ ᠭᠧ ᠳ᠋ᠦᠩ | ᠲᠣᠰᠬᠤᠨ ᠤ ᠠᠷᠠᠳ ᠤᠨ ᠵᠥᠪᠯᠡᠯ ᠤᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠶᠠᠨ ᠤ | ᠤᠯᠠᠭᠠᠨᠮᠥ᠋ᠴᠢᠷ ᠤᠨ ᠭᠡᠰᠢᠭᠦᠳ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠳᠠᠭᠤᠤ᠂ ᠪᠥᠵᠢᠭ᠂ ᠱᠤᠭ | ᠵᠦᠴᠦᠭᠡ ᠶᠢ ᠡᠭᠡᠯᠵᠢᠯᠡᠨ ᠲᠣᠭᠯᠠᠵᠤ᠂ ᠤᠷᠠᠯᠢᠭ ᠢᠶᠠᠷ ᠨᠠᠮ ᠤᠨ ᠬᠠᠶᠢᠷ᠎ᠠ ᠬᠠᠯᠠᠮᠵᠢ ᠶᠢ ᠳᠠᠮᠵᠢᠭᠤᠯᠪᠠ᠃ ᠡᠭᠦᠨ ᠤ | ᠬᠠᠮᠲᠤ᠂ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢᠳ ᠪᠠᠰᠠ ᠠᠯᠪᠠᠨ | ᠵᠢᠷᠤᠮ ᠤᠨ ᠡᠮᠴᠢᠯᠡᠭᠡᠨ ᠤ ᠲᠣᠭᠤᠷᠢᠭ ᠲᠤ ᠶᠠᠭᠠᠷᠠᠵᠤ᠂ ᠲᠣᠰᠬᠤᠨ ᠤ ᠠᠷᠠᠳ ᠤᠨ ᠴᠢᠰᠤᠨ ᠳᠠᠷᠤᠯᠲᠠ ᠶᠢ ᠬᠡᠮᠵᠢᠨ᠂ | ᠪᠠᠶᠢᠴᠠᠭᠠᠯᠲᠠ ᠬᠢᠵᠦ᠂ ᠡᠷᠡᠭᠦᠯ ᠮᠡᠨᠳᠦ ᠶᠢᠨ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠵᠤ᠂ ᠡᠮᠴᠢᠯᠡᠭᠡᠨ ᠤ | ᠦᠢᠯᠡᠴᠢᠯᠡᠭᠡ ᠶᠢ ᠲᠣᠰᠬᠤᠨ ᠤ ᠠᠷᠠᠳ ᠤᠨ ᠳᠡᠷᠭᠡᠳᠡ ᠬᠦᠷᠭᠡᠪᠡ᠃ | ᠠᠬᠠᠮᠠᠳ ᠨᠠᠮ ᠤᠨ ᠭᠡᠰᠢᠭᠦᠨ ᠯᠢᠦ ᠮᠠᠨ ᠼᠠᠢ ᠶᠢᠨ ᠭᠡᠷ ᠲᠤ᠂ ᠤᠯᠠᠭᠠᠨᠮᠥ᠋ᠴᠢᠷ ᠤᠨ ᠭᠡᠰᠢᠭᠦᠳ ᠲᠡᠭᠦᠨ ᠳᠤ | ᠵᠢᠵᠢᠭ ᠲᠣᠭᠯᠠᠯᠲᠠ ᠬᠦᠷᠭᠡᠵᠦ᠂ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢ | ᠲᠡᠭᠦᠨ ᠳᠤ ᠪᠡᠶ᠎ᠡ ᠶᠢᠨ ᠪᠠᠶᠢᠴᠠᠭᠠᠯᠲᠠ ᠬᠢᠵᠦ᠂ ᠪᠠᠰᠠ ᠲᠡᠭᠦᠨ ᠳᠤ ᠲᠣᠬᠤᠨᠢᠭᠤᠯᠬᠤ ᠪᠣᠳᠠᠰ ᠬᠦᠷᠭᠡᠵᠦ᠂ | ᠨᠠᠰᠤᠲᠠᠨ ᠤ ᠠᠮᠢᠳᠤᠷᠠᠯ ᠪᠣᠯᠤᠨ ᠡᠷᠡᠭᠦᠯ ᠮᠡᠨᠳᠦ ᠶᠢᠨ ᠪᠠᠶᠢᠳᠠᠯ ᠢ ᠬᠠᠯᠠᠮᠵᠢᠯᠠᠨ ᠠᠰᠠᠭᠤᠵᠤ᠂ ᠠᠬᠠᠮᠠᠳ ᠨᠠᠮ ᠤᠨ | ᠭᠡᠰᠢᠭᠦᠨ ᠤ ᠲᠡᠮᠡᠴᠡᠯ ᠤᠨ ᠦᠯᠢᠭᠡᠷ ᠶᠠᠷᠢᠬᠤ ᠶᠢ ᠰᠣᠨᠣᠰᠴᠤ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠵᠢᠷᠭᠤᠳᠤᠭᠠᠷ ᠰᠤᠮᠤ ᠪᠠᠯᠭᠠᠰᠤᠨ ᠤ ᠴᠠᠩ ᠭᠧ ᠳ᠋ᠦᠩ ᠲᠣᠰᠬᠤᠨ ᠤ ᠨᠠᠮ ᠤᠨ ᠡᠭᠦᠷ ᠤᠨ ᠱᠦᠵᠢ ᠾᠧᠦ ᠵᠢᠶᠠᠨ | ᠵᠢᠶᠦ᠋ᠨ ᠥᠨᠥᠳᠦᠷ ᠤᠨ ᠡᠨᠡ ᠤᠳᠠᠭᠠᠨ ᠤ ᠴᠠᠶᠢᠯᠠᠯᠭ᠎ᠠ ᠨᠢ ᠶᠡᠷᠦ ᠪᠤᠰᠤ ᠶᠢᠨ ᠠᠴᠢ ᠬᠤᠯᠪᠣᠭᠳᠠᠯ ᠲᠠᠢ ᠶᠤᠮ᠃ | ᠲᠡᠷᠡ ᠨᠢ ᠨᠢᠭᠡ ᠤᠳᠠᠭᠠᠨ ᠤ ᠲᠥᠬᠦᠮ ᠴᠤᠭᠯᠠᠭᠠᠨ ᠪᠣᠯᠬᠤ ᠪᠠᠷ ᠪᠠᠷᠠᠬᠤ ᠥᠬᠡᠶ᠂ ᠨᠠᠩ ᠴᠤ ᠬᠥᠮᠦᠰ ᠤᠨ | ᠰᠡᠳᠬᠢᠯ ᠢ ᠨᠢᠭᠲᠠᠷᠠᠭᠤᠯᠵᠤ᠂ ᠨᠠᠮ ᠤᠨ ᠬᠠᠯᠠᠮᠵᠢᠯᠠᠯ ᠢ ᠳᠠᠮᠵᠢᠭᠤᠯᠬᠤ ᠶᠢᠨ ᠬᠥᠭᠦᠷᠭᠡ ᠪᠣᠯᠤᠨ᠎ᠠ᠃ ᠤᠯᠠᠨ ᠢᠶᠠᠷ ᠢᠶᠠᠨ | ᠬᠠᠮᠲᠤ ᠰᠠᠭᠤᠵᠤ ᠠᠮᠢᠳᠤᠷᠠᠯ ᠤᠨ ᠬᠤᠪᠢᠰᠤᠯᠲᠠ ᠶᠢ ᠶᠠᠷᠢᠯᠴᠠᠵᠤ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢ | ᠰᠣᠨᠣᠰᠴᠤ᠂ ᠢᠷᠡᠭᠡᠳᠦᠢ ᠶᠢᠨ ᠬᠦᠰᠡᠯ ᠡᠷᠡᠮᠡᠯᠵᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠳᠤᠮᠳᠠᠳᠤ ᠤᠯᠤᠰ ᠤᠨ ᠡᠪ | ᠬᠠᠮᠲᠤ ᠨᠠᠮ ᠮᠠᠨ ᠤ ᠠᠷᠠᠳ ᠲᠦᠮᠡᠨ ᠳᠤ ᠪᠤᠶᠠᠨ ᠵᠢᠷᠭᠠᠯ ᠡᠳ᠋ᠯᠡᠭᠦᠯᠦᠭᠰᠡᠨ ᠭᠡᠳᠡᠭ ᠢ ᠭᠦᠨᠵᠡᠭᠡᠢ ᠣᠶᠢᠯᠠᠭᠠᠪᠠ᠃ | ᠬᠤᠩ ᠮᠤᠤ ᠪᠠᠯᠭᠠᠰᠤ ᠶᠢᠨ ᠰᠢᠶᠠᠩ ᠬᠤᠸᠠᠩ ᠳ᠋ᠢ ᠲᠣᠰᠬᠤᠨ ᠤ ᠨᠠᠮ ᠪᠠ ᠤᠯᠠᠨ ᠲᠦᠮᠡᠨ ᠤ | ᠦᠢᠯᠡᠴᠢᠯᠡᠭᠡᠨ ᠤ ᠲᠥᠪ ᠤᠨ ᠶᠡᠭᠡ ᠬᠦᠷᠢᠶᠡᠨ ᠳᠤ᠂ ᠲᠣᠰᠬᠤᠨ ᠤ ᠠᠷᠠᠳ ᠭᠤᠶᠤ ᠰᠠᠶᠢᠬᠠᠨ ᠬᠤᠪᠴᠠᠰᠤ ᠡᠮᠦᠰᠴᠦ᠂ | ᠲᠣᠯᠣᠭᠠᠢ ᠳᠤ ᠲᠠᠪᠤᠨ ᠥᠩᠭᠡ ᠶᠢᠨ ᠲᠣᠯᠣᠭᠠᠢ ᠶᠢᠨ ᠵᠠᠰᠠᠯ ᠵᠡᠭᠦᠵᠦ᠂ ᠭᠠᠷ ᠪᠥᠵᠢᠭ ᠤᠨ ᠥᠩᠭᠡᠲᠦ ᠳᠡᠪᠢᠭᠦᠷ | ᠵᠡᠭᠦᠵᠦ᠂ ᠪᠠᠶᠠᠷ ᠪᠠᠶᠠᠰᠬᠤᠯᠠᠩᠲᠤ ᠶᠠᠩᠭᠠᠷ ᠳᠠᠭᠤᠤ ᠶᠢᠨ ᠳᠤᠮᠳᠠ ᠳᠡᠪᠬᠡᠷᠦᠨ ᠪᠥᠵᠢᠭᠯᠡᠪᠡ᠃ ᠴᠠᠶᠢᠯᠠᠯᠭ᠎ᠠ ᠶᠢᠨ | ᠬᠤᠷᠠᠯ ᠳᠡᠭᠡᠷ᠎ᠡ᠂ ᠲᠣᠰᠬᠤᠨ ᠤ ᠠᠷᠠᠳ ᠰᠡᠳᠬᠢᠯ ᠤᠨ ᠦᠭᠡ ᠪᠠᠨ ᠨᠡᠭᠡᠭᠡᠵᠦ᠂ ᠪᠤᠳᠤᠭᠰᠠᠨ ᠢᠶᠠᠨ ᠠᠭᠤᠵᠢᠷᠠᠲᠠᠯ᠎ᠠ | ᠶᠠᠷᠢᠵᠤ᠂ ᠲᠤᠰ ᠲᠤᠰ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠵᠡᠷᠭᠡ ᠠᠷᠠᠳ ᠢ | ᠪᠠᠶᠠᠵᠢᠭᠤᠯᠬᠤ᠂ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠳᠤᠮᠳᠠ ᠤᠯᠠᠨ ᠤ | ᠦᠢᠯᠡᠳᠪᠦᠷᠢᠯᠡᠯ ᠠᠮᠢᠳᠤᠷᠠᠯ ᠳᠤ ᠠᠪᠴᠢᠷᠠᠭᠰᠠᠨ ᠦᠨᠡᠨ ᠪᠣᠳᠠᠲᠠᠢ ᠬᠤᠪᠢᠷᠠᠯᠲᠠ ᠶᠢ ᠬᠠᠯᠠᠭᠤᠨ ᠢᠶᠠᠷ ᠶᠠᠷᠢᠯᠴᠠᠪᠠ᠃ | ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠭᠰᠠᠨ ᠬᠤᠪᠢᠰᠬᠠᠯ ᠤᠨ ᠳᠠᠭᠤᠤ ᠶᠢ ᠳᠠᠭᠤᠯᠠᠵᠤ᠂ ᠥᠪᠡᠷ ᠢᠶᠠᠨ | ᠨᠠᠶᠢᠷᠠᠭᠤᠯᠤᠨ ᠵᠣᠬᠢᠶᠠᠭᠰᠠᠨ ᠤᠷᠠᠨ ᠰᠠᠶᠢᠬᠠᠨ ᠤ ᠲᠣᠭᠯᠠᠯᠲᠠ ᠨᠢ ᠴᠥᠮ ᠲᠣᠰᠬᠤᠨ ᠤ ᠠᠷᠠᠳ ᠤᠨ ︽ᠨᠠᠮ ᠤᠨ | ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠡᠷᠡᠰ ᠵᠣᠷᠢᠭ ᠢᠶᠠᠨ ᠢᠯᠡᠳᠬᠡᠪᠡ᠃ | ᠬᠤᠩ ᠮᠤᠤ ᠪᠠᠯᠭᠠᠰᠤᠨ ᠤ ᠰᠢᠶᠠᠩ ᠬᠤᠸᠠᠩ ᠳ᠋ᠢ ᠲᠣᠰᠬᠤᠨ ᠤ ᠠᠷᠠᠳ ᠵᠢᠶᠠᠩ ᠵᠢᠦ ᠯᠠᠨ | ᠡᠨᠡ ᠡᠳᠦᠷ ᠪᠢᠳᠡ ᠡᠨᠡ ᠬᠦ ᠴᠠᠶᠢᠯᠠᠯᠭ᠎ᠠ ᠶᠢ ᠡᠬᠢᠯᠡᠭᠦᠯᠬᠦ ᠳᠤ ᠪᠢ ᠮᠠᠰᠢ ᠶᠡᠭᠡ ᠪᠠᠶᠠᠷᠯᠠᠵᠤ ᠪᠠᠶᠢᠨ᠎ᠠ᠂ ᠮᠠᠨ ᠤ | ᠨᠠᠮ ᠤᠨ ᠲᠦᠷᠦ ᠶᠢᠨ ᠪᠤᠳᠤᠯᠭ᠎ᠠ ᠮᠠᠰᠢ ᠰᠠᠶᠢᠨ᠂ ᠳᠣᠣᠷ᠎ᠠ ᠪᠢᠳᠡ ᠪᠠᠰᠠ ᠬᠠᠮᠲᠤ ᠪᠠᠷ ᠨᠠᠮ ᠢᠶᠠᠨ ᠳᠠᠭᠠᠵᠤ᠂ ᠠᠷᠠᠳ | ᠲᠦᠮᠡᠨ ᠤ ᠠᠮᠢᠳᠤᠷᠠᠯ ᠡᠳᠦᠷ ᠠᠴᠠ ᠡᠳᠦᠷ ᠵᠢᠷᠭᠠᠯ ᠲᠠᠢ ᠪᠠᠶᠢᠵᠤ᠂ ᠵᠢᠯ ᠠᠴᠠ ᠵᠢᠯ ᠠᠮᠢᠳᠤᠷᠠᠯ ᠰᠠᠶᠢᠨ ᠪᠠᠶᠢᠨ᠎ᠠ᠃ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | |